︽ᠰᠠᠶᠢᠨ ᠭᠡᠷ ᠪᠠᠶᠢᠰᠢᠩ︾ ᠭᠡᠳᠡᠭ ᠨᠢ ᠲᠣᠮᠣ ᠭᠡᠷ ᠪᠠᠶᠢᠰᠢᠩ ᠦᠨᠡᠲᠡᠢ ᠭᠡᠷ ᠪᠠᠶᠢᠰᠢᠩ ᠭᠡᠰᠡᠨ ᠶᠠᠪᠤᠳᠠᠯ ᠪᠢᠰᠢ ᠁ ᠵᠦᠪ ᠤᠶᠢᠯᠠᠭᠠᠬᠤ ᠬᠡᠷᠡᠭᠳᠡᠢ
ᠨᠡᠶᠢᠲᠡᠯᠡᠭᠰᠡᠨ ᠴᠠᠭ᠄
2025/6/17
     ᠮᠠᠨ ᠤ ᠤᠯᠤᠰ ᠤᠨ ᠣᠷᠣᠨ ᠰᠠᠭᠤᠴᠠ ᠶᠢᠨ ᠬᠥᠭᠵᠢᠯᠲᠡ ︽ᠪᠠᠶᠢᠬᠤ ᠡᠰᠡᠬᠦ︾ ᠠᠴᠠ ︽ᠰᠠᠶᠢᠨ ᠡᠰᠡᠬᠦ︾ ᠲᠡᠶᠢᠰᠢ ᠰᠢᠯᠵᠢᠬᠦ ᠰᠢᠨ᠎ᠡ ᠱᠠᠲᠤᠨ ᠳᠤ ᠣᠷᠣᠵᠤ᠂ ᠠᠷᠠᠳ ᠤᠯᠠᠨ ᠣᠷᠣᠨ ᠰᠠᠭᠤᠴᠠ ᠶᠢᠨ ᠴᠢᠨᠠᠷ ᠴᠢᠨᠰᠠᠭ᠎ᠠ ᠳᠤ ᠨᠡᠩ ᠥᠨᠳᠥᠷ ᠱᠠᠭᠠᠷᠳᠠᠯᠭ᠎ᠠ ᠲᠠᠢ ᠪᠣᠯᠵᠤ᠂ ᠨᠡᠩ ᠰᠠᠶᠢᠨ ᠣᠷᠣᠨ ᠰᠠᠭᠤᠴᠠ ᠳᠤ ᠰᠠᠭᠤᠵᠤ᠂ ᠨᠡᠩ ᠰᠠᠶᠢᠨ ᠦᠢᠯᠡᠴᠢᠯᠡᠭᠡ ᠣᠯᠬᠤ ᠶᠢ ᠬᠦᠰᠡᠵᠦ ᠪᠠᠶᠢᠨ᠎ᠠ᠃ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠨᠢ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠳᠦ ᠲᠥᠷᠥᠭᠳᠡᠯ ᠲᠠᠢ ᠰᠢᠭᠤᠳ ᠬᠤᠯᠪᠣᠭᠳᠠᠨ᠎ᠠ᠃ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠨᠢ ᠶᠡᠭᠡ ᠭᠡᠷ ᠪᠠᠶᠢᠰᠢᠩ᠂ ᠦᠨᠡᠲᠡᠢ ᠭᠡᠷ ᠪᠠᠶᠢᠰᠢᠩ ᠢ ᠪᠦᠳᠦᠭᠡᠨ ᠪᠠᠶᠢᠭᠤᠯᠤᠨ᠎ᠠ ᠭᠡᠰᠡᠨ ᠶᠠᠪᠤᠳᠠᠯ ᠤᠭᠳᠤ ᠪᠢᠰᠢ᠂ ᠬᠠᠷᠢᠨ ᠰᠠᠶᠢᠨ ᠵᠢᠷᠤᠭ ᠲᠥᠯᠥᠪᠯᠡᠭᠡ᠂ ᠰᠠᠶᠢᠨ ᠮᠠᠲ᠋ᠧᠷᠢᠶᠠᠯ᠂ ᠰᠠᠶᠢᠨ ᠪᠠᠷᠢᠯᠭ᠎ᠠ᠂ ᠰᠠᠶᠢᠨ ᠦᠢᠯᠡᠴᠢᠯᠡᠭᠡ ᠵᠡᠷᠭᠡ ᠪᠠᠷ ᠳᠠᠮᠵᠢᠭᠤᠯᠤᠨ᠂ ᠣᠷᠣᠨ ᠰᠠᠭᠤᠴᠠ ᠶᠢᠨ ᠳᠤᠮᠳᠠᠬᠢ ᠡᠪᠡᠷᠰᠢᠶᠡᠯ ᠲᠠᠢ ᠠᠰᠠᠭᠤᠳᠠᠯ ᠢ ᠰᠢᠢᠳᠪᠦᠷᠢᠯᠡᠵᠦ᠂ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠠᠪᠤᠳᠠᠯ ᠪᠤᠯᠤᠨ᠎ᠠ᠃ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠲᠠᠯᠠᠪᠠᠢ᠂ ᠠᠳᠠᠯᠢ ᠪᠤᠰᠤ ᠦᠨ᠎ᠡ ᠶᠢᠨ ᠲᠦᠪᠰᠢᠨ ᠳᠤ ᠪᠦᠷ ᠠᠳᠠᠯᠢ ᠪᠤᠰᠤ ᠶᠢᠨ ︽ᠰᠠᠶᠢᠨ ᠭᠡᠷ ᠪᠠᠶᠢᠰᠢᠩ︾ ᠲᠠᠢ ᠪᠠᠶᠢᠬᠤ ᠬᠡᠷᠡᠭᠲᠡᠢ᠃      5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ︽ᠣᠷᠣᠨ ᠰᠠᠭᠤᠴᠠ ᠶᠢᠨ ᠲᠦᠷᠦᠯ ᠵᠦᠢᠯ ᠤᠨ ᠵᠢᠷᠤᠮᠵᠢᠯ︾ ᠨᠢ ᠶᠠᠭ ᠣᠳᠣᠬᠠᠨ ᠤ ᠡᠳᠦᠷ ᠲᠤᠲᠤᠮ ᠤᠨ ᠣᠷᠣᠨ ᠰᠠᠭᠤᠴᠠ ᠶᠢᠨ ᠡᠪᠡᠷᠰᠢᠶᠡᠯ ᠲᠠᠢ ᠠᠰᠠᠭᠤᠳᠠᠯ ᠳᠤ ᠴᠢᠭᠯᠡᠭᠦᠯᠦᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠣᠷᠣᠨ ᠰᠠᠭᠤᠴᠠ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ ᠪᠠᠷᠢᠮᠵᠢᠶ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠳᠤ ᠬᠥᠲᠥᠯᠥᠨ ᠳᠠᠭᠠᠭᠤᠯᠬᠤ ᠪᠠ ᠲᠤᠯᠭᠠᠭᠤᠷᠢᠯᠠᠬᠤ ᠦᠢᠯᠡᠳᠦᠯ ᠦᠵᠡᠭᠦᠯᠬᠦ ᠪᠤᠯᠤᠨ᠎ᠠ᠃       ᠠᠮᠤᠷ ᠲᠦᠪᠰᠢᠨ ᠢ ᠪᠠᠲᠤᠯᠠᠬᠤ ᠪᠣᠯ ᠣᠷᠣᠨ ᠰᠠᠭᠤᠴᠠ ᠶᠢᠨ ᠲᠥᠷᠥᠯ ᠵᠦᠢᠯ ᠤᠨ ᠦᠨᠳᠦᠰᠦᠨ ᠱᠠᠭᠠᠷᠳᠠᠯᠭ᠎ᠠ ᠪᠠ ᠲᠡᠷᠢᠭᠦᠨ ᠴᠢᠬᠤᠯᠠ ᠬᠠᠷᠠᠯᠲᠠ ᠮᠥᠨ᠂ ︽ᠵᠢᠷᠤᠮᠵᠢᠯ︾ ᠳᠤ᠂ ᠣᠷᠣᠨ ᠰᠠᠭᠤᠴᠠ ᠶᠢᠨ ᠪᠦᠲᠦᠴᠡ ᠪᠠ ᠭᠠᠵᠠᠷ ᠬᠥᠳᠡᠯᠦᠯᠲᠡ ᠶᠢ ᠳᠠᠭᠠᠭᠠᠬᠤ᠂ ᠭᠠᠯ ᠰᠡᠷᠭᠡᠶᠢᠯᠡᠬᠦ᠂ ᠴᠠᠬᠢᠯᠭᠠᠨ ᠬᠡᠷᠡᠭᠯᠡᠬᠦ᠂ ᠰᠢᠲᠠᠮᠠᠬᠠᠢ ᠬᠡᠢ ᠬᠡᠷᠡᠭᠯᠡᠬᠦ᠂ ᠥᠨᠳᠥᠷ ᠠᠴᠠ ᠤᠨᠠᠬᠤ ᠶᠢ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠲᠠᠯ᠎ᠠ ᠪᠠᠷ ᠣᠷᠣᠨ ᠰᠠᠭᠤᠴᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ ᠪᠠᠬᠢᠵᠢᠭᠦᠯᠵᠦ᠂ ᠬᠥᠮᠥᠰ ᠢ ᠰᠠᠨᠠᠭ᠎ᠠ ᠠᠮᠤᠷ᠂ ᠯᠠᠪᠳᠠᠭᠤᠨ ᠪᠠᠲᠤᠲᠠᠢ ᠰᠠᠭᠤᠯᠭᠠᠬᠤ ᠬᠡᠷᠡᠭᠲᠡᠢ ᠭᠡᠵᠤ ᠲᠤᠳᠤᠷᠬᠠᠢ ᠲᠤᠭᠳᠠᠭᠠᠵᠠᠢ᠃      ᠣᠷᠣᠨ ᠰᠠᠭᠤᠴᠠ ᠶᠢᠨ ᠪᠠᠷᠢᠯᠭ᠎ᠠ ᠨᠢ ᠭᠡᠷ ᠪᠠᠶᠢᠰᠢᠩ ᠤᠨ ᠪᠦᠲᠦᠴᠡ ᠶᠢ ᠬᠡᠪ ᠤᠨ ᠪᠠᠶᠢᠳᠠᠯ ᠢᠶᠠᠷ ᠬᠡᠷᠡᠭᠯᠡᠬᠦ ᠪᠠ ᠪᠠᠶᠢᠩᠭᠤ ᠲᠣᠬᠢᠶᠠᠯᠳᠤᠬᠤ ᠭᠠᠢ ᠭᠠᠮᠰᠢᠭ ᠤᠨ ᠳᠣᠣᠷ᠎ᠠ᠂ ᠪᠦᠲᠦᠴᠡ ᠶᠢᠨ ᠠᠮᠤᠷ ᠲᠦᠪᠰᠢᠨ ᠨᠠᠶᠢᠳᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠣᠷᠣᠨ ᠰᠠᠭᠤᠴᠠ ᠶᠢᠨ ᠪᠠᠷᠢᠯᠭ᠎ᠠ ᠳᠤ ᠡᠷᠬᠡᠪᠰᠢ ᠭᠠᠵᠠᠷ ᠬᠥᠳᠡᠯᠦᠯᠲᠡ ᠶᠢ ᠳᠠᠭᠠᠭᠠᠬᠤ ᠵᠢᠷᠤᠭ ᠲᠥᠯᠥᠪᠯᠡᠭᠡ ᠬᠢᠵᠦ᠂ ᠵᠣᠬᠢᠬᠤ ᠬᠡᠮᠵᠢᠶᠡᠨ ᠤ ᠭᠠᠵᠠᠷ ᠬᠥᠳᠡᠯᠦᠯᠲᠡ ᠳᠤ ᠲᠣᠬᠢᠶᠠᠯᠳᠤᠪᠠᠯ ︽ᠪᠠᠭ᠎ᠠ ᠭᠠᠵᠠᠷ ᠬᠥᠳᠡᠯᠦᠯᠲᠡ ᠳᠤ ᠡᠪᠳᠡᠷᠡᠬᠦ ᠦᠭᠡᠢ᠂ ᠳᠤᠮᠳᠠ ᠭᠠᠵᠠᠷ ᠬᠥᠳᠡᠯᠦᠯᠲᠡ ᠳᠤ ᠵᠠᠰᠠᠵᠤ ᠪᠣᠯᠣᠨ᠎ᠠ᠂ ᠶᠡᠭᠡ ᠭᠠᠵᠠᠷ ᠬᠥᠳᠡᠯᠦᠯᠲᠡ ᠳᠤ ᠣᠶᠢᠴᠢᠬᠤ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠣᠷᠣᠨ ᠰᠠᠭᠤᠴᠠ ᠶᠢᠨ ᠪᠠᠷᠢᠯᠭ᠎ᠠ ᠨᠢ ᠭᠠᠯ ᠤᠨ ᠭᠠᠮᠰᠢᠭ ᠤᠨ ᠦᠶ᠎ᠡ ᠳᠤ ᠪᠦᠲᠦᠴᠡ ᠶᠢᠨ ᠲᠣᠭᠲᠠᠪᠤᠷᠢᠲᠤ ᠴᠢᠨᠠᠷ ᠢ ᠪᠠᠲᠤᠯᠠᠬᠤ ᠬᠡᠷᠡᠭᠲᠡᠢ ᠪᠥᠭᠡᠳ ᠠᠶᠤᠯ ᠦᠭᠡᠢ ᠲᠠᠷᠬᠠᠭᠠᠬᠤ ᠲᠥᠬᠦᠭᠡᠷᠦᠮᠵᠢ ᠪᠠ ᠨᠥᠬᠦᠴᠡᠯ ᠢ ᠪᠦᠷᠢᠳᠦᠭᠦᠯᠵᠦ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠨᠥᠬᠦᠴᠡᠯ ᠢ ᠪᠦᠷᠢᠳᠦᠭᠦᠯᠵᠦ᠂ ᠭᠠᠯ ᠤᠨᠲᠠᠷᠠᠭᠠᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠄ ᠲᠣᠭᠤᠭᠠᠨ ᠭᠡᠷ ᠵᠡᠷᠭᠡ ᠬᠡᠢ ᠬᠡᠷᠡᠭᠯᠡᠬᠦ ᠥᠷᠥᠭᠡ ᠨᠢ ᠡᠷᠬᠡᠪᠰᠢ ᠰᠠᠯᠬᠢ ᠰᠠᠶᠢᠨ ᠨᠡᠪᠲᠡᠷᠡᠵᠦ᠂ ᠰᠢᠲᠠᠮᠠᠬᠠᠢ ᠬᠡᠢ ᠶᠢᠨ ᠵᠤᠤᠬ᠎ᠠ ᠲᠠᠢ ᠬᠠᠪᠢᠳᠠᠵᠤ ᠪᠠᠶᠢᠭ᠎ᠠ ᠬᠡᠷᠡᠮ᠂ ᠲᠠᠪᠴᠠᠩ ᠨᠢ ᠡᠷᠬᠡᠪᠰᠢ ᠨᠣᠴᠣᠬᠤ ᠦᠭᠡᠢ ᠮᠠᠲ᠋ᠧᠷᠢᠶᠠᠯ ᠪᠠᠶᠢᠬᠤ ᠬᠡᠷᠡᠭᠲᠡᠢ︔ ᠨᠠᠷᠠᠪᠴᠢ᠂ ᠬᠤᠩᠭᠢᠯ᠂ ᠭᠡᠷ ᠤᠨ ᠭᠠᠳᠠᠨᠠᠬᠢ ᠠᠰᠠᠷ ᠤᠨ ᠱᠠᠲᠤᠨ ᠤ ᠬᠤᠭᠤᠰᠤᠨ ᠭᠠᠵᠠᠷ ᠤᠨ ᠬᠡᠷᠡᠰᠬᠡ᠂ ᠨᠡᠶᠢᠲᠡ ᠶᠢᠨ ᠠᠰᠠᠷ ᠤᠨ ᠱᠠᠲᠤᠨ ᠤ ᠲᠦᠰᠢᠭᠦᠷ ᠤᠨ ᠥᠨᠳᠥᠷ ᠤᠨ ᠬᠡᠮᠵᠢᠶ᠎ᠡ ᠶᠢ ᠴᠥᠮ 1.2 ᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠰᠠᠨᠠᠭᠠᠨ ᠳᠤ ᠦᠭᠡᠢ ᠤᠨᠠᠵᠤ ᠤᠶᠢᠴᠢᠬᠤ ᠲᠦᠭᠰᠢᠭᠦᠷᠢ ᠶᠢ ᠪᠠᠭᠠᠰᠬᠠᠬᠤ ᠬᠡᠷᠡᠭᠲᠡᠢ᠃      ᠠᠮᠢᠳᠤᠷᠠᠯ ᠤᠨ ᠲᠦᠪᠰᠢᠨ ᠤ ᠳᠡᠭᠡᠭᠰᠢᠯᠡᠬᠦ ᠶᠢ ᠳᠠᠭᠠᠯᠳᠤᠨ  ᠂ ᠬᠥᠮᠥᠰ ᠣᠷᠣᠨ ᠰᠠᠭᠤᠴᠠ ᠶᠢᠨ ᠡᠷᠡᠭᠦᠯ ᠲᠣᠬᠢᠯᠢᠭ ᠴᠢᠨᠠᠷ ᠢ ᠨᠡᠩ ᠢᠯᠡᠭᠦᠦ ᠠᠩᠬᠠᠷᠴᠤ᠂ ᠲᠠᠪᠬᠤᠷᠯᠢᠭ ᠤᠨ ᠥᠨᠳᠥᠷ᠂ ᠴᠠᠬᠢᠯᠭᠠᠨ ᠱᠠᠲᠤ ᠲᠣᠬᠢᠷᠠᠭᠤᠯᠬᠤ᠂ ᠨᠡᠷᠡᠨ ᠤ ᠲᠤᠰᠤᠯᠲᠠ ᠵᠡᠷᠭᠡ ᠣᠯᠠᠨ ᠲᠠᠯ᠎ᠠ ᠪᠠᠷ ᠬᠠᠨᠳᠤᠯᠭ᠎ᠠ ᠲᠠᠢ ᠪᠠᠷ ᠪᠠᠷᠢᠮᠵᠢᠶ᠎ᠠ ᠶᠢᠨ ᠬᠢᠷᠢ ᠲᠦᠪᠰᠢᠨ ᠢ ᠲᠡᠭᠡᠭᠰᠢᠯᠡᠭᠦᠯᠪᠡ      ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ᠪᠠᠷᠢᠯᠭ᠎ᠠ ᠶᠢᠨ  ᠲᠠᠪᠬᠤᠷᠯᠢᠭ ᠤᠨ ᠥᠨᠳᠥᠷ ᠢ 3 ᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂  ᠤᠤᠯ ᠤᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ 0.2 ᠮᠧᠲᠷ ᠳᠡᠭᠡᠭᠰᠢᠯᠡᠵᠡᠢ᠃ ᠲᠠᠪᠬᠤᠷᠯᠢᠭ ᠤᠨ ᠥᠨᠳᠥᠷ ᠢ ᠨᠡᠮᠡᠭᠳᠡᠭᠦᠯᠬᠦ ᠨᠢ ᠣᠷᠣᠨ ᠰᠠᠭᠤᠴᠠ ᠶᠢᠨ ᠰᠡᠳᠬᠢᠯ ᠤᠨ ᠳᠠᠷᠤᠯᠲᠠ ᠶᠢᠨ ᠰᠡᠷᠡᠯ ᠢ ᠪᠠᠭᠠᠰᠬᠠᠬᠤ ᠳᠤ ᠠᠰᠢᠭᠲᠠᠢ ᠪᠠᠶᠢᠵᠤ᠂ ᠥᠷᠥᠭᠡᠨ ᠲᠤᠳᠤᠷᠠᠬᠢ ᠪᠠᠶᠢᠭᠠᠯᠢ ᠶᠢᠨ ᠭᠡᠷᠡᠯ ᠲᠤᠰᠬᠤ᠂ ᠪᠠᠶᠢᠭᠠᠯᠢ ᠶᠢᠨ ᠰᠠᠯᠬᠢ ᠨᠡᠪᠲᠡᠷᠡᠬᠦ ᠪᠠ ᠠᠭᠠᠷ ᠤᠨ ᠴᠢᠨᠠᠷ ᠴᠢᠨᠰᠠᠭ᠎ᠠ ᠶᠢ ᠨᠡᠩ ᠰᠠᠶᠢᠨ ᠪᠣᠯᠭᠠᠨ᠎ᠠ᠄ ᠡᠯᠭᠦᠭᠦᠷ ᠳᠡᠭᠡᠪᠦᠷ᠂ ᠱᠠᠯᠠ ᠶᠢᠨ ᠳᠤᠯᠠᠭᠠᠯᠠᠭ᠎ᠠ᠂ ᠠᠰᠠᠷ ᠤᠨ ᠬᠠᠪᠲᠠᠰᠤ ᠶᠢᠨ ᠳᠠᠭᠤ ᠬᠥᠨᠳᠡᠶᠢᠷᠡᠭᠦᠯᠬᠦ ᠲᠥᠬᠦᠭᠡᠷᠦᠮᠵᠢ ᠲᠣᠬᠢᠷᠠᠭᠤᠯᠬᠤ ᠵᠢᠴᠢ ᠡᠯᠭᠦᠭᠦᠷ ᠳ᠋ᠧᠩ᠂ ᠣᠶᠤᠨᠲᠤ ᠭᠡᠷ ᠤᠨ ᠬᠡᠷᠡᠭᠰᠡᠯ ᠵᠡᠷᠭᠡ ᠶᠢ ᠤᠭᠰᠠᠷᠠᠬᠤ ᠳᠤ ᠲᠦᠭᠦᠮ ᠪᠠᠶᠢᠳᠠᠭ᠃ ᠥᠩᠭᠡᠷᠡᠭᠰᠡᠨ ᠳᠤ 7 ᠲᠠᠪᠬᠤᠷᠯᠢᠭ ᠠᠴᠠ ᠲᠡᠭᠡᠭᠰᠢᠬᠢ ᠠᠰᠠᠷ ᠲᠤ ᠴᠠᠬᠢᠯᠭᠠᠨ ᠱᠠᠲᠤ ᠤᠭᠰᠠᠷᠠᠵᠤ ᠪᠠᠶᠢᠭᠰᠠᠨ ᠠᠴᠠ ᠪᠠᠨ ᠤᠳᠤ 4 ᠲᠠᠪᠬᠤᠷᠯᠢᠭ ᠠᠴᠠ ᠲᠡᠭᠡᠭᠰᠢᠬᠢ ᠠᠰᠠᠷ ᠲᠤ ᠴᠠᠬᠢᠯᠭᠠᠨ ᠱᠠᠲᠤ ᠤᠭᠰᠠᠷᠠᠬᠤ ᠬᠡᠷᠡᠭᠳᠡᠢ ᠭᠡᠵᠦ ᠱᠠᠭᠠᠷᠳᠠᠭᠰᠠᠨ ᠨᠢ ᠰᠠᠭᠤᠭᠠᠯᠢ ᠠᠷᠠᠳ ᠤᠨ ᠶᠠᠪᠤᠵᠤ ᠰᠠᠭᠤᠬᠤ ᠪᠠ ᠬᠦᠨᠳᠦ ᠶᠠᠭᠤᠮ᠎ᠠ ᠵᠥᠭᠡᠭᠡᠪᠦᠷᠢᠯᠡᠬᠦ ᠳᠤ ᠲᠥᠬᠦᠮ ᠪᠣᠯᠭᠠᠵᠤ᠂ ᠨᠠᠰᠤᠵᠢᠯ ᠤᠨ ᠬᠡᠷᠡᠭᠴᠡᠭᠡ ᠶᠢ ᠬᠠᠩᠭᠠᠵᠤ᠂ ᠡᠮᠴᠢᠯᠡᠭᠡᠨ ᠤ ᠠᠪᠤᠷᠠᠯᠳᠠ ᠳᠤ ᠠᠰᠢᠭᠲᠠᠢ ᠶᠤᠮ᠃ ︽ᠵᠢᠷᠤᠮᠵᠢᠯ︾ ᠢ ᠦᠨᠳᠦᠰᠦᠯᠡᠪᠡᠯ᠂ ᠣᠷᠣᠨ ᠰᠠᠭᠤᠴᠠ ᠪᠦᠷᠢ ᠳᠤ ᠨᠠᠭᠠᠲᠤ ᠵᠠᠬ᠎ᠠ ᠳᠠᠭᠠᠨ ᠨᠢᠭᠡ ᠤᠨᠲᠠᠬᠤ ᠥᠷᠥᠭᠡ ᠨᠢ ᠨᠡᠷᠡᠨ ᠤ ᠲᠤᠰᠤᠯᠲᠠ ᠶᠢᠨ ᠪᠠᠷᠢᠮᠵᠢᠶ᠎ᠠ ᠶᠢ ᠬᠠᠩᠭᠠᠵᠤ ᠲᠡᠶᠢᠯᠬᠦ ᠬᠡᠷᠡᠭᠳᠡᠢ ᠃ ᠵᠢᠱᠢᠶᠡᠯᠡᠪᠡᠯ᠂ ᠪᠡᠭᠡᠵᠢᠩ ᠳᠤ᠂ ᠡᠪᠦᠯ ᠤᠨ ᠡᠳᠦᠷ᠂ ᠣᠷᠣᠨ ᠰᠠᠭᠤᠴᠠ ᠨᠢᠭᠡᠪᠦᠷᠢ ᠳᠤ ᠨᠠᠭᠠᠲᠤ ᠵᠠᠬ᠎ᠠ ᠳᠠᠭᠠᠨ ᠨᠢᠭᠡ ᠤᠨᠲᠠᠬᠤ ᠥᠷᠥᠭᠡ ᠨᠢ ᠡᠳᠦᠷ ᠪᠦᠷᠢ ᠬᠠᠮᠤᠭ ᠪᠠᠭ᠎ᠠ ᠳᠠᠭᠠᠨ 2 ᠴᠠᠭ ᠨᠡᠷᠡᠨ ᠤ ᠲᠤᠰᠤᠯᠲᠠ ᠪᠠᠶᠢᠬᠤ ᠬᠡᠷᠡᠭᠳᠡᠢ ᠭᠡᠵᠦ ᠱᠠᠭᠠᠷᠳᠠᠵᠠᠢ᠃      ᠱᠤᠤᠭᠢᠶᠠᠨ ᠣᠷᠣᠨ ᠰᠠᠭᠤᠴᠠ ᠶᠢᠨ ᠤᠶᠢᠯᠠᠭᠠᠯᠳᠠ ᠶᠢ ᠨᠥᠯᠥᠭᠡᠯᠡᠨ᠎ᠡ᠃ ᠪᠠᠷᠢᠯᠭ᠎ᠠ ᠶᠢᠨ ᠲᠥᠬᠦᠭᠡᠷᠦᠮᠵᠢ ᠶᠢᠨ ᠪᠦᠲᠦᠴᠡ ᠶᠢᠨ ᠱᠤᠤᠭᠢᠶ᠎ᠠ ᠳᠤ ᠴᠠᠬᠢᠯᠭᠠᠨ ᠱᠠᠲᠤ᠂ ᠤᠰᠦᠠ ᠬᠥᠭᠡᠷᠭᠡ ᠵᠡᠷᠭᠡ ᠪᠠᠷᠢᠯᠭ᠎ᠠ ᠶᠢᠨ ᠲᠥᠬᠦᠭᠡᠷᠦᠮᠵᠢ ᠶᠢᠨ ᠱᠤᠤᠭᠢᠶᠠᠨ ᠨᠢ ᠤᠨᠲᠠᠬᠤ ᠦᠷᠦᠭᠡ ᠶᠢ ᠨᠦᠯᠦᠭᠡᠯᠡᠬᠦ ᠱᠤᠤᠭᠢᠶ᠎ᠠ ᠲᠡᠭᠤᠠ ᠢ ᠪᠠᠭᠲᠠᠭᠠᠨ᠎ᠠ᠂ ᠡᠶᠢᠮᠦᠷᠬᠦᠦ ᠳᠣᠣᠷ᠎ᠠ ᠳᠠᠪᠲᠠᠮᠵᠢᠲᠤ ᠱᠤᠤᠭᠢᠶ᠎ᠠ ᠲᠡᠭᠤᠠ ᠨᠢ ᠣᠷᠣᠰᠢᠨ ᠰᠠᠭᠤᠭᠴᠢᠳ ᠤᠨ ᠤᠨᠲᠠᠯᠭ᠎ᠠ ᠶᠢ ᠨᠥᠯᠥᠭᠡᠯᠡᠳᠡᠭ᠃ ︽ᠵᠢᠷᠤᠮᠵᠢᠯ︾ ᠳᠤ᠂ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠳᠤ ᠴᠠᠬᠢᠯᠭᠠᠨ ᠱᠠᠲᠤ ᠶᠢᠨ ᠱᠤᠤᠭᠢᠶᠠᠨ᠂ ᠤᠰᠤᠨ ᠬᠥᠭᠡᠷᠭᠡ ᠶᠢᠨ ᠱᠤᠤᠭᠢᠶᠠᠨ ᠪᠠ ᠠᠷᠢᠭᠤᠨ ᠴᠡᠪᠡᠷ ᠤᠨ ᠲᠠᠰᠤᠯᠭ᠎ᠠ ᠶᠢᠨ ᠤᠰᠤ ᠭᠠᠳᠠᠭᠰᠢᠯᠠᠭᠤᠯᠬᠤ ᠱᠤᠤᠭᠢᠶᠠᠨ ᠤ ᠬᠢᠵᠠᠭᠠᠷ ᠬᠡᠮᠵᠢᠭᠳᠡᠯ ᠠᠴᠠ ᠳᠣᠣᠷ᠎ᠠ ᠪᠠᠶᠢᠬᠤ ᠶᠢ ᠴᠢᠩᠭ᠎ᠠ ᠬᠢᠵᠠᠭᠠᠷᠯᠠᠨ᠎ᠠ᠃ ᠡᠭᠦᠨ ᠤ ᠬᠠᠮᠲᠤ᠂ ᠤᠰᠤ ᠲᠠᠲᠠᠷᠠᠭᠤᠯᠬᠤ ᠬᠤᠭᠤᠯᠠᠢ ᠶᠢ ᠤᠨᠲᠠᠬᠤ ᠥᠷᠥᠭᠡ ᠲᠠᠢ ᠬᠠᠮᠲᠤ ᠪᠠᠷ ᠬᠡᠷᠡᠭᠯᠡᠵᠦ ᠪᠠᠶᠢᠭ᠎ᠠ ᠬᠡᠷᠡᠮ ᠳᠤ ᠨᠠᠭᠠᠯᠳᠤᠭᠤᠯᠵᠤ ᠪᠣᠯᠬᠤ ᠦᠭᠡᠢ᠂ ᠲᠠᠭᠤ ᠬᠥᠨᠳᠡᠶᠢᠷᠡᠭᠦᠯᠬᠦ ᠪᠦᠷᠬᠦᠭᠦᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ ᠭᠡᠵᠦ ᠲᠤᠳᠤᠷᠬᠠᠢ ᠲᠤᠭᠳᠠᠭᠠᠪᠠ᠃      ᠬᠡᠷᠡᠮ᠂ ᠡᠭᠦᠳᠡ ᠴᠣᠩᠬᠤ ᠪᠠ ᠠᠰᠠᠷ ᠤᠨ ᠬᠠᠪᠲᠠᠰᠤᠨ ᠤ ᠲᠠᠭᠤ ᠬᠥᠨᠳᠡᠶᠢᠷᠡᠭᠦᠯᠬᠦ ᠴᠢᠳᠠᠮᠵᠢ ᠢ ᠳᠡᠭᠡᠭᠰᠢᠯᠡᠬᠦ ᠬᠡᠷᠡᠭᠳᠡᠢ᠃ ᠭᠠᠳᠠᠷ ᠴᠣᠩᠬᠤᠨ ᠤ ᠲᠠᠭᠤ ᠬᠥᠨᠳᠡᠶᠢᠷᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠨᠢ ᠴᠣᠩᠬᠤ ᠪᠠᠨ ᠬᠠᠭᠠᠬᠤ ᠪᠠᠶᠢᠳᠠᠯ ᠳᠣᠣᠷ᠎ᠠ᠂ ᠭᠠᠳᠠᠷ ᠲᠠᠯ᠎ᠠ ᠶᠢᠨ ᠥᠨᠳᠥᠷ ᠬᠤᠷᠳᠤᠴᠠᠲᠤ ᠵᠠᠰᠠᠮᠠᠯ ᠵᠠᠮ ᠤᠨ ᠱᠤᠤᠭᠢᠶᠠᠨ᠂ ᠵᠢᠮᠳᠦ ᠵᠠᠮ ᠬᠠᠷᠢᠯᠴᠠᠭᠠᠨ ᠤ ᠱᠤᠤᠭᠢᠶᠠᠨ ᠵᠡᠷᠭᠡ ᠶᠢᠨ ᠬᠠᠷᠰᠢᠯᠠᠯ ᠢ ᠪᠠᠭᠠᠰᠬᠠᠬᠤ ᠶᠢᠨ ᠲᠥᠯᠥᠭᠡ ᠶᠤᠮ᠃ ︽ᠵᠢᠷᠤᠮᠵᠢᠯ︾ ᠳᠤ᠂ ᠤᠨᠲᠠᠬᠤ ᠥᠷᠥᠭᠡᠨ ᠤ ᠠᠰᠠᠷ ᠤᠨ ᠬᠠᠪᠲᠠᠰᠤᠨ ᠤ ᠮᠥᠷᠭᠦᠯᠳᠦᠬᠦ ᠲᠡᠭᠤᠠ ᠤ ᠲᠡᠭᠤ ᠬᠥᠨᠳᠡᠶᠢᠷᠡᠭᠦᠯᠬᠦ ᠴᠢᠳᠠᠪᠤᠷᠢ ᠶᠢᠨ ᠭᠦᠢᠴᠡᠳᠭᠡᠯ ᠲᠤᠭ᠎ᠠ ᠶᠢ ︽75 ᠳ᠋ᠧᠼᠢᠪᠧᠯ ᠠᠴᠠ ᠶᠡᠭᠡ ᠪᠠᠶᠢᠯᠭᠠᠵᠦ ᠪᠣᠯᠬᠤ ᠦᠭᠡᠢ︾ ᠪᠠᠶᠢᠭᠰᠠᠨ ᠠᠴᠠ ︽65 ᠳ᠋ᠧᠼᠢᠪᠧᠯ ᠠᠴᠠ ᠶᠡᠭᠡ ᠪᠠᠶᠢᠯᠭᠠᠵᠤ ᠪᠣᠯᠬᠤ ᠦᠭᠡᠢ︾ ᠭᠡᠵᠦ ᠳᠡᠭᠡᠭᠰᠢᠯᠡᠭᠦᠯᠵᠡᠢ᠃      ᠣᠷᠣᠨ ᠰᠠᠭᠤᠴᠠ ᠶᠢ ᠨᠡᠩ ᠢᠯᠡᠭᠦᠦ ︽ᠨᠠᠰᠤᠵᠢᠯ ᠳᠤ ᠲᠤᠬᠢᠷᠠᠬᠤ ᠨᠢᠯᠬᠠᠰ ᠲᠤ ᠲᠤᠬᠢᠷᠠᠬᠤ︾ ᠪᠤᠯᠭᠠᠨ᠎ᠠ᠃ ᠮᠠᠨ ᠤ ᠤᠯᠤᠰ ᠨᠢᠭᠡᠨᠲᠡ ᠳᠤᠮᠳᠠ ᠵᠡᠷᠭᠡ ᠶᠢᠨ ᠨᠠᠰᠤᠵᠢᠯ ᠤᠨ ᠨᠡᠶᠢᠭᠡᠮ ᠳᠤ ᠣᠷᠣᠵᠤ᠂ ︽ᠨᠠᠰᠤᠵᠢᠯᠲᠠ ᠳᠤ ᠲᠣᠬᠢᠷᠠᠬᠤ︾ ᠨᠢ ᠨᠡᠶᠢᠭᠡᠮ ᠨᠡᠶᠢᠲᠡ ᠶᠢᠨ ᠠᠩᠬᠠᠷᠤᠯ ᠤᠨ ᠲᠥᠪ ᠪᠤᠯᠵᠠᠢ᠂ ︽ᠵᠢᠷᠤᠮᠵᠢᠯ︾ ᠨᠢ ᠨᠠᠰᠤᠵᠢᠯᠲᠠ ᠳᠤ ᠲᠣᠬᠢᠷᠠᠬᠤ ᠲᠠᠯ᠎ᠠ ᠪᠠᠷ ᠠᠯᠢ ᠣᠯᠠᠨ ᠱᠠᠭᠠᠷᠳᠠᠯᠭ᠎ᠠ ᠳᠤᠷᠠᠳᠴᠤ᠂ ᠰᠠᠭᠤᠭᠠᠯᠢ ᠠᠷᠠᠳ ᠤᠨ ᠲᠣᠭᠤᠷᠢᠭ ᠤᠨ ᠲᠠᠯᠠᠪᠤᠷ  ᠠᠴᠠ ᠭᠡᠷ ᠳᠣᠲᠣᠷ᠎ᠠ᠂ ᠠᠰᠠᠷ ᠳᠣᠲᠣᠷ᠎ᠠ ᠨᠡᠪᠲᠡᠷᠡᠬᠦ᠂ ᠳᠠᠬᠢᠭᠠᠳ ᠠᠷᠢᠭᠤᠨ ᠴᠡᠪᠡᠷ ᠤᠨ ᠲᠠᠰᠤᠯᠭ᠎ᠠ ᠬᠦᠷᠲᠡᠯ᠎ᠡ ᠴᠥᠮ ᠨᠠᠰᠤᠲᠠᠶᠢᠴᠤᠳ ᠲᠤ ᠲᠤᠬᠢᠷᠠᠬᠤ ᠪᠤᠯᠭᠠᠨ᠎ᠠ᠃ ᠵᠢᠱᠢᠶᠡᠯᠡᠪᠡᠯ᠂ ︽ᠵᠢᠷᠤᠮᠵᠢᠯ︾ ᠳᠤ ᠣᠷᠣᠨ ᠰᠠᠭᠤᠴᠠ ᠶᠢᠨ ᠲᠣᠭᠤᠷᠢᠭ ᠲᠤ ᠬᠠᠷᠰᠢ ᠰᠠᠭᠠᠳ ᠦᠭᠡᠢ ᠶᠠᠪᠠᠭᠠᠨ ᠶᠠᠪᠤᠬᠤ ᠰᠢᠰᠲ᠋ᠧᠮ ᠢ ᠵᠠᠯᠭᠠᠯᠳᠤᠭᠤᠯᠤᠨ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠵᠠᠢ᠃ ᠭᠡᠷ ᠤᠨ ᠬᠤᠭᠤᠷᠣᠨᠳᠣᠬᠢ ᠭᠠᠵᠠᠷ ᠤᠨ ᠭᠠᠳᠠᠷᠭᠤ ᠶᠢᠨ ᠥᠨᠳᠥᠷ ᠤᠨ ᠵᠥᠷᠢᠶ᠎ᠡ ᠨᠢ 1.5 ᠰᠠᠨᠲ᠋ᠢᠮᠧᠲᠷ ᠠᠴᠠ ᠬᠡᠲᠦᠷᠡᠵᠦ ᠪᠣᠯᠬᠤ ᠦᠭᠡᠢ ᠮᠥᠷᠲᠡᠭᠡᠨ ᠨᠠᠯᠠᠤ ᠭᠠᠵᠠᠷ ᠭᠠᠷᠭᠠᠵᠤ ᠬᠦᠷᠳᠦᠲᠦ ᠰᠠᠨᠳᠠᠯᠢ᠂ ᠭᠡᠷ ᠤᠨ ᠬᠡᠷᠡᠭᠰᠡᠯ ᠤᠨ ᠨᠡᠪᠲᠡᠷᠡᠬᠦ ᠳᠤ ᠳᠦᠭᠦᠮ ᠦᠵᠡᠭᠦᠯᠦᠨ᠎ᠡ᠃ ᠵᠣᠷᠯᠣᠩ ᠤᠨ ᠰᠠᠭᠤᠯᠲᠠᠭᠤᠷ ᠪᠠ ᠰᠦᠷᠴᠢᠭᠦᠷ ᠤᠬᠢᠶᠠᠯᠭ᠎ᠠ ᠶᠢᠨ ᠲᠥᠬᠦᠭᠡᠷᠦᠮᠵᠢ ᠶᠢᠨ ᠬᠠᠵᠠᠭᠤ ᠳᠤ ᠲᠦᠰᠢᠭᠦᠷ ᠲᠠᠯᠪᠢᠬᠤ ᠪᠤᠶᠤ ᠤᠭᠰᠠᠷᠠᠬᠤ ᠨᠥᠬᠦᠴᠡᠯ ᠢ ᠤᠷᠢᠳᠴᠢᠯᠠᠨ ᠦᠯᠡᠳᠡᠭᠡᠵᠦ᠂ ᠵᠣᠷᠯᠣᠩ ᠤᠨ ᠭᠠᠵᠠᠷ ᠤᠨ ᠭᠠᠳᠠᠷᠭᠤ ᠶᠢᠨ ᠭᠤᠯᠭᠤᠬᠤ ᠶᠢ ᠰᠡᠷᠭᠡᠶᠢᠯᠡᠬᠦ ᠬᠡᠷᠡᠭᠳᠡᠢ ᠭᠡᠵᠦ ᠳᠤᠷᠠᠳᠤᠭᠰᠠᠨ ᠪᠠᠶᠢᠨ᠎ᠠ᠃ ᠡᠲᠡᠭᠡᠷ ︽ᠨᠠᠰᠤᠵᠢᠯ ᠳᠤ ᠲᠣᠬᠢᠷᠠᠬᠤ︾ ᠲᠣᠭᠲᠠᠭᠠᠯ ᠤᠨ ᠴᠥᠭᠡᠨ ᠪᠤᠰᠤ ᠨᠢ ᠵᠢᠱᠢᠶᠡᠯᠡᠪᠡᠯ᠂ ᠭᠠᠵᠠᠷ ᠤᠨ ᠭᠠᠳᠠᠷᠭᠤ ᠶᠢᠨ ᠬᠠᠯᠲᠤᠷᠢᠬᠤ ᠶᠢ ᠰᠡᠷᠭᠡᠶᠢᠯᠡᠬᠦ᠂ ᠭᠡᠷ ᠤᠨ ᠬᠤᠭᠤᠷᠣᠨᠳᠣᠬᠢ ᠭᠠᠵᠠᠷ ᠤᠨ ᠭᠠᠳᠠᠷᠭᠤ ᠶᠢᠨ ᠥᠨᠳᠥᠷ ᠤᠨ ᠵᠥᠷᠢᠶ᠎ᠡ ᠶᠢᠨ ᠬᠢᠵᠠᠭᠠᠷ ᠬᠡᠮᠵᠢᠭᠳᠡᠯ ᠨᠢ ︽ᠨᠢᠯᠬᠠᠰ ᠲᠤ ᠲᠣᠬᠢᠷᠠᠬᠤ︾ ᠲᠣᠭᠲᠠᠭᠠᠯ ᠪᠣᠯᠣᠨ᠎ᠠ᠃ ᠡᠭᠦᠨ ᠠᠴᠠ ᠭᠠᠳᠠᠨ᠎ᠠ᠂ ︽ᠵᠢᠷᠤᠮᠵᠢᠯ︾ ᠳᠤ ᠪᠠᠰᠠ ᠵᠠᠷᠢᠮ ︽ᠨᠢᠯᠬᠠᠰ ᠲᠤ ᠲᠣᠬᠢᠷᠠᠬᠤ︾ ᠲᠣᠭᠲᠠᠭᠠᠯ ᠪᠣᠶ᠂ ᠵᠢᠱᠢᠶᠡᠯᠡᠪᠡᠯ ᠨᠠᠷᠠᠪᠴᠢ ᠶᠢᠨ ᠬᠡᠷᠡᠰᠬᠡ ᠶᠢᠨ ᠪᠣᠰᠤᠭ᠎ᠠ ᠴᠢᠭᠯᠡᠯ ᠤᠨ ᠰᠢᠷᠤᠭ ᠤᠨ ᠬᠤᠭᠤᠷᠣᠨᠳᠣᠬᠢ ᠵᠠᠢ ᠶᠢᠨ ᠱᠠᠭᠠᠷᠳᠠᠯᠭ᠎ᠠ ᠨᠢ 0.11 ᠮᠧᠲᠷ ᠠᠴᠠ ᠶᠡᠭᠡ ᠪᠠᠶᠢᠯᠭᠠᠵᠤ ᠪᠣᠯᠬᠤ ᠦᠭᠡᠢ᠂ ᠨᠡᠯᠢᠶᠡᠳ ᠳᠣᠣᠷ᠎ᠠ ᠭᠦᠳᠦᠭᠦᠷ ᠴᠣᠩᠬᠤᠨ ᠲᠠᠶᠢᠰᠠᠨ ᠳᠤ ᠬᠠᠮᠠᠭᠠᠯᠠᠯᠲᠠ ᠶᠢᠨ ᠬᠡᠷᠡᠰᠬᠡ ᠪᠣᠰᠬᠠᠬᠤ ᠶᠢᠨ ᠬᠠᠮᠲᠤ ᠬᠠᠮᠠᠭᠠᠯᠠᠯᠲᠠ ᠶᠢᠨ ᠬᠡᠷᠡᠰᠬᠡ ᠶᠢᠨ ᠥᠨᠳᠥᠷ ᠤᠨ ᠬᠡᠮᠵᠢᠶ᠎ᠡ ᠳᠤ ᠲᠤᠳᠤᠷᠬᠠᠢ ᠱᠠᠭᠠᠷᠳᠠᠯᠭ᠎ᠠ ᠲᠤᠷᠠᠳᠴᠠᠢ᠃      ︽ᠵᠢᠷᠤᠮᠵᠢᠯ︾ ᠪᠣᠯ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠳᠤ ᠡᠷᠬᠡᠪᠰᠢ ᠬᠡᠷᠡᠭᠵᠢᠭᠦᠯᠬᠦ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠮᠥᠨ᠂ ᠡᠯ᠎ᠡ ᠭᠠᠵᠠᠷ ᠤᠨ ᠬᠢᠨ ᠲᠤᠬᠠᠢ ᠶᠢᠨ ᠭᠠᠵᠠᠷ ᠤᠨ ᠪᠠᠶᠢᠭᠠᠯᠢ ᠶᠢᠨ ᠨᠥᠬᠦᠴᠡᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠵᠢᠴᠢ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠲᠠᠢ ᠪᠠᠨ ᠤᠶᠠᠯᠳᠤᠭᠤᠯᠤᠨ᠂ ᠤᠯᠤᠰ ᠤᠨ ᠲᠠᠰ ᠳᠠᠪᠬᠤᠷᠭ᠎ᠠ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠤᠯᠪᠣᠭᠳᠠᠯ ᠪᠦᠬᠦᠢ ᠮᠡᠷᠭᠡᠵᠢᠯ ᠤᠨ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠳᠡᠭᠡᠭᠰᠢᠯᠡᠭᠦᠯᠬᠦ ᠶᠢ ᠰᠦᠪᠡᠭᠴᠢᠯᠡᠨ᠎ᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1