ᠲᠤᠭᠳᠠᠬᠤ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠤᠯᠠᠮᠵᠢᠯᠠᠯᠲᠤ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/18
ᠢᠷᠡᠯᠲᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ       6 ᠳ᠋ᠤᠭᠠᠷ ᠰᠠᠷ᠎ᠠ ᠶᠢᠨ 17  ᠤ ᠡᠳᠦᠷ᠂ ᠲᠣᠭᠲᠠᠬᠤ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠤᠯᠠᠮᠵᠢᠯᠠᠯᠲᠤ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ᠃ ᠲᠣᠰ ᠠᠵᠢᠯᠯᠠᠭ᠎ᠠ ᠳᠤ ᠥᠪᠥᠷ ᠮᠣᠩᠭᠤᠯ ᠤᠨ ᠳᠤᠮᠳᠠᠳᠤ ᠶᠢᠨ ᠤᠯᠠᠮᠵᠢᠯᠠᠯᠲᠤ ᠰᠣᠶᠣᠯ ᠢ ᠠᠬᠢᠭᠤᠯᠬᠤ ᠨᠡᠶᠢᠭᠡᠮᠯᠢᠭ᠂ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ᠂ ᠬᠤᠲᠠ᠂ ᠰᠢᠶᠠᠨ ᠤ ᠤᠷᠠᠨ ᠪᠢᠴᠢᠯᠭᠡᠲᠡᠨ ᠤ ᠨᠡᠶᠢᠭᠡᠮᠯᠢᠭ᠂ ᠤᠷᠠᠨ ᠵᠢᠷᠤᠭᠴᠢᠳ ᠤᠨ ᠨᠡᠶᠢᠭᠡᠮᠯᠢᠭ ᠤᠨ ᠬᠡᠰᠡᠭ ᠤᠷᠠᠨ ᠪᠢᠴᠢᠯᠭᠡᠲᠡᠨ ᠪᠠᠭᠰᠢ ᠨᠠᠷ ᠢ ᠤᠷᠢᠵᠤ ᠣᠷᠣᠯᠴᠠᠭᠤᠯᠵᠠᠢ᠃ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠤᠯᠠᠮᠵᠢᠯᠠᠯᠲᠤ ᠰᠣᠶᠣᠯ ᠤᠨ ᠦᠪᠡᠳᠡᠭᠰᠢ ᠳᠠᠶᠢᠯᠠᠯᠭ᠎ᠠ ᠳᠤ ᠬᠠᠮᠲᠤ  ᠪᠠᠷ ᠰᠣᠭᠲᠣᠭᠤᠷᠠᠵᠤ ᠪᠠᠶᠢᠯ᠎ᠠ᠃      ᠠᠵᠢᠯᠯᠠᠭ᠎ᠠ ᠨᠢ ᠪᠠᠭᠰᠢ ᠰᠤᠷᠤᠭᠴᠢᠳ ᠤᠨ ᠬᠠᠷᠠᠩᠭ᠎ᠠ ᠬᠡᠩᠭᠡᠷᠭᠡ ᠶᠢᠨ ᠪᠠᠭ ᠪᠣᠯᠣᠨ ᠠᠷᠰᠯᠠᠨ ᠪᠥᠵᠢᠭ ᠤᠨ ᠲᠣᠭᠯᠠᠯᠲᠠ ᠪᠠᠷ ᠡᠬᠢᠯᠡᠵᠦ᠂ ᠬᠠᠩᠭᠢᠨᠠᠮ᠎ᠠ ᠬᠡᠩᠭᠡᠷᠭᠡ ᠶᠢᠨ ᠴᠡᠭ ᠪᠣᠯᠣᠨ ᠬᠤᠷᠴᠠ ᠰᠣᠷᠭᠤᠭ ᠠᠷᠰᠯᠠᠨ ᠤ ᠰᠡᠭᠦᠳᠡᠷ ᠢᠶᠠᠷ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠬᠥᠭᠵᠢᠭᠡᠵᠦ᠂ ᠳᠠᠷᠠᠭ᠎ᠠ ᠳᠤᠨᠢ ︽ᠥᠪᠥᠷ ᠮᠣᠩᠭᠤᠯ ᠤᠨ ᠳᠤᠮᠳᠠᠳᠤ ᠶᠢᠨ ᠤᠯᠠᠮᠵᠢᠯᠠᠯᠲᠤ ᠰᠣᠶᠣᠯ ᠢ ᠠᠬᠢᠭᠤᠯᠬᠤ ᠨᠡᠶᠢᠭᠡᠮᠯᠢᠭ ᠤᠨ ᠤᠯᠠᠮᠵᠢᠯᠠᠯᠲᠤ ᠰᠣᠶᠣᠯ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ︾ ᠫᠠᠶᠢᠰᠠ ᠡᠯᠭᠦᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠣᠨ ᠤ ᠰᠤᠷᠤᠭᠴᠢᠳ ᠤᠯᠠᠨ ᠡᠰᠢᠲᠦ ᠤᠷᠠᠨ ᠰᠠᠶᠢᠬᠠᠨ ᠤ ᠦᠵᠡᠭᠦᠯᠦᠯᠭᠡ ᠶᠢᠨ ᠲᠣᠭᠯᠠᠯᠲᠠ ᠶᠢ  ᠭᠠᠷᠭᠠᠵᠠᠢ᠃ ᠰᠢᠯᠦᠭ ᠳᠠᠭᠤᠯᠠᠯ ᠤᠶᠠᠩᠭᠠᠯᠠᠨ ᠤᠩᠰᠢᠬᠤ ᠠᠴᠠ ᠪᠢᠷ ᠪᠡᠬᠡᠰ ᠢᠶᠠᠷ ᠬᠠᠶᠢᠷ᠎ᠠ ᠰᠡᠳᠬᠢᠯᠭᠡ ᠪᠠᠨ ᠳᠠᠮᠵᠢᠭᠤᠯᠬᠤ ᠬᠦᠷᠲᠡᠯ᠎ᠡ᠂ ᠣᠯᠠᠨ ᠡᠰᠢᠲᠦ ᠬᠡᠯᠪᠡᠷᠢ  ᠨᠢ ᠤᠯᠠᠮᠵᠢᠯᠠᠯᠲᠤ ᠰᠣᠶᠣᠯ ᠢ ᠬᠦᠴᠦᠳᠡᠢ ᠤᠯᠠᠮᠵᠢᠯᠠᠪᠠ᠃      ︽ᠳᠠᠩᠴᠤ ᠭᠠᠶᠢᠬᠠᠯᠲᠠᠢ᠂ ᠤᠤᠯ ᠨᠢ ᠰᠢᠯᠦᠭ ᠳᠠᠭᠤᠯᠠᠯ ᠢ ᠨᠣᠮ ᠪᠢᠴᠢᠭ ᠳᠡᠭᠡᠷᠡᠬᠢ ᠦᠰᠦᠭ ᠪᠢᠴᠢᠭ ᠭᠡᠵᠦ ᠪᠤᠳᠤᠵᠦ ᠪᠠᠶᠢᠭᠰᠠᠨ᠂ ᠤᠷᠠᠨ ᠤᠩᠰᠢᠯᠭ᠎ᠠ᠂ ᠬᠥᠭᠵᠢᠮ ᠲᠠᠭᠠᠷᠠᠭᠤᠯᠬᠤ᠂ ᠦᠵᠡᠭᠳᠡᠯ ᠤᠨ ᠲᠣᠭᠯᠠᠯᠲᠠ ᠪᠠᠷ ᠳᠠᠮᠵᠢᠨ ᠡᠶᠢᠮᠦ ᠰᠢᠨ᠎ᠡ ᠰᠣᠷᠭᠤᠭ ᠪᠣᠯᠵᠤ ᠬᠤᠪᠢᠷᠠᠨ᠎ᠠ ᠭᠡᠵᠦ ᠪᠤᠳᠤᠵᠤ ᠣᠯᠣᠭᠰᠠᠨ ᠦᠭᠡᠢ︾ ᠭᠡᠵᠦ ᠲᠤᠭᠳᠠᠬᠤ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ   ᠶᠢᠨ ᠰᠤᠷᠤᠭᠴᠢ ᠯᠢᠦ ᠽᠢ ᠵᠢᠶᠧ ᠰᠤᠷᠪᠤᠯᠵᠢᠯᠠᠭᠴᠢ ᠳᠤ ᠬᠡᠯᠡᠪᠡ᠃      ︽ᠲᠤᠭᠳᠠᠬᠤ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠤᠯᠠᠮᠵᠢᠯᠠᠯᠲᠤ ᠰᠣᠶᠣᠯ ᠤᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠢ ᠪᠠᠶᠢᠭᠤᠯᠤᠭᠰᠠᠨ ᠨᠢ ᠰᠤᠷᠭᠠᠭᠤᠯᠢ ᠶᠢᠨ ᠪᠠᠶᠢᠩᠭᠤᠵᠢᠭᠰᠠᠨ ᠤᠯᠠᠮᠵᠢᠯᠠᠯᠲᠤ ᠰᠣᠶᠣᠯ ᠤᠨ ᠬᠥᠮᠦᠵᠢᠯ ᠢ ᠥᠷᠨᠢᠭᠦᠯᠬᠦ ᠳᠤ ᠰᠠᠭᠤᠷᠢ ᠲᠠᠯᠪᠢᠵᠤ ᠥᠭᠴᠡᠢ᠂ ᠢᠷᠡᠭᠡᠳᠦᠢ ᠳᠤ ᠪᠢᠳᠡ ᠰᠠᠭᠤᠷᠢᠨ ᠳᠠᠭᠠᠨ ᠲᠦᠰᠢᠭᠯᠡᠨ᠂ ᠨᠡᠩ ᠤᠯᠠᠨ ᠤᠷᠠᠯᠢᠭᠴᠢᠨ ᠢ ᠰᠤᠷᠭᠠᠭᠤᠯᠢ ᠶᠢᠨ ᠬᠦᠷᠢᠶᠡᠨ ᠳᠤ ᠤᠷᠢᠨ ᠣᠷᠣᠭᠤᠯᠵᠤ᠂ ᠤᠷᠠᠨ ᠪᠢᠴᠢᠯᠭᠡ᠂ ᠤᠷᠠᠨ ᠵᠢᠷᠤᠭ᠂ ᠰᠢᠯᠦᠭ ᠳᠠᠭᠤᠯᠠᠯ ᠵᠡᠷᠭᠡ ᠣᠨᠴᠠᠯᠢᠭᠲᠤ ᠬᠢᠴᠢᠶᠡᠯ ᠣᠷᠣᠵᠤ᠂ ᠤᠯᠠᠮᠵᠢᠯᠠᠯᠲᠤ ᠰᠣᠶᠣᠯ ᠢ ᠬᠢᠴᠢᠶᠡᠯ ᠤᠨ ᠲᠠᠩᠬᠢᠮ ᠳᠤ ᠦᠨᠡᠨᠬᠦ ᠠᠭᠤᠰᠬᠠᠵᠤ᠂ ᠤᠶᠤᠨ ᠰᠠᠨᠠᠭᠠᠨ ᠳᠤ ᠭᠦᠨ ᠰᠠᠭᠤᠭᠳᠠᠭᠤᠯᠤᠨ᠎ᠠ︾ ᠭᠡᠵᠦ ᠲᠤᠭᠳᠠᠬᠤ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ ᠶᠠᠩ  ᠨᠢ ᠨᠠ ᠰᠤᠷᠪᠤᠯᠵᠢᠯᠠᠭᠴᠢ ᠳᠤ ᠬᠡᠯᠡᠪᠡ᠃      ᠲᠣᠰ ᠤᠳᠠᠭᠠᠨ ᠤ ᠠᠵᠢᠯᠯᠠᠭ᠎ᠠ ᠳᠤ ︽ᠦᠵᠡᠭᠦᠯᠦᠯᠭᠡ ᠶᠢᠨ ᠲᠣᠭᠯᠠᠯᠲᠠ + ᠦᠢᠯᠡᠳᠦᠯᠭᠡ + ᠬᠠᠷᠢᠯᠴᠠᠨ ᠬᠥᠳᠡᠯᠦᠯᠴᠡᠬᠦ︾ ᠵᠠᠭᠪᠤᠷ ᠢᠶᠠᠷ ᠪᠠᠭᠰᠢ ᠰᠤᠷᠤᠭᠴᠢᠳ ᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ ᠤᠷᠠᠯᠢᠭ ᠪᠠ ᠰᠣᠶᠣᠯ ᠤᠨ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠪᠡ᠃ ᠢᠷᠡᠭᠡᠳᠦᠢ ᠳᠤ ᠦᠢᠯᠡᠳᠦᠯᠭᠡ ᠶᠢᠨ ᠰᠠᠭᠤᠷᠢᠨ ᠭᠠᠵᠠᠷ ᠲᠤ ᠲᠦᠰᠢᠭᠯᠡᠨ ᠤᠷᠠᠨ ᠪᠢᠴᠢᠯᠭᠡ᠂ ᠰᠢᠯᠦᠭ ᠳᠠᠭᠤᠯᠠᠯ ᠵᠡᠷᠭᠡ ᠣᠨᠴᠠᠯᠢᠭᠲᠤ ᠬᠢᠴᠢᠶᠡᠯ ᠨᠡᠭᠡᠭᠡᠵᠦ᠂ ᠤᠯᠠᠮᠵᠢᠯᠠᠯᠲᠤ ᠰᠣᠶᠣᠯ ᠢ ᠬᠢᠴᠢᠶᠡᠯ ᠤᠨ ᠲᠠᠩᠬᠢᠮ ᠳᠤ ᠠᠭᠤᠰᠬᠠᠨ ᠣᠷᠣᠭᠤᠯᠬᠤ ᠶᠢ ᠲᠦᠯᠬᠢᠨ ᠠᠬᠢᠭᠤᠯᠵᠤ᠂ ᠰᠣᠶᠣᠯ ᠤᠨ ᠭᠧᠨ ᠢ ᠰᠤᠷᠭᠠᠭᠤᠯᠢ ᠶᠢᠨ ᠬᠦᠷᠢᠶᠡᠨ ᠤ ᠰᠢᠮᠡᠯᠢᠭ ᠬᠥᠷᠥᠰᠥᠨ ᠳᠤ ᠦᠨᠳᠦᠰᠦᠯᠡᠭᠦᠯᠦᠨ ᠰᠣᠶᠣᠭᠠᠯᠠᠭᠤᠯᠵᠤ᠂ ᠰᠣᠶᠣᠯ ᠤᠨ ᠢᠲᠡᠭᠡᠯ ᠢ ᠬᠤᠣᠰᠯᠠᠭᠤᠯᠤᠭᠰᠠᠨ ᠰᠢᠨ᠎ᠡ ᠴᠠᠭ ᠦᠶ᠎ᠡ ᠶᠢᠨ ᠰᠤᠷᠤᠭᠴᠢᠳ ᠢ ᠬᠥᠮᠥᠵᠢᠭᠦᠯᠦᠨ᠎ᠡ ᠭᠡᠵᠦ ᠰᠤᠷᠭᠠᠭᠤᠯᠢ ᠶᠢᠨ ᠲᠠᠯ᠎ᠠ ᠶᠢᠨ ᠬᠢᠨ ᠢᠯᠡᠷᠬᠡᠶᠢᠯᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1