ᠲᠣᠭᠲᠠᠬᠤ ᠰᠢᠶᠠᠨ 2025 ᠣᠨ ᠤ ᠵᠢᠭᠠᠰᠤᠨ ᠠᠵᠤ ᠦᠢᠯᠡᠰ ᠢ ᠦᠷᠡᠵᠢᠭᠦᠯᠬᠦ ᠠᠵᠢᠯᠯᠠᠭ᠎ᠠ ᠥᠷᠨᠢᠭᠦᠯᠵᠦ ᠬᠠᠲᠤᠨ ᠭᠤᠣᠯ ᠤᠨ ᠠᠮᠢ ᠠᠬᠤᠢ ᠶᠢ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2025/6/20
ᠢᠷᠡᠯᠲᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ       ᠬᠠᠲᠤᠨ ᠭᠤᠣᠯ ᠤᠨ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠰᠡᠷᠭᠦᠭᠡᠨ ᠵᠠᠰᠠᠵᠤ᠂ ᠤᠰᠤᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠵᠢᠭᠠᠰᠤᠨ ᠠᠵᠤ ᠦᠢᠯᠡᠰ ᠤᠨ ᠠᠵᠤ ᠠᠬᠤᠢ ᠬᠢᠭᠡᠳ ᠡᠬᠢ ᠪᠠᠶᠠᠯᠢᠭ ᠣᠷᠴᠢᠨ ᠲᠣᠭᠤᠷᠢᠨ ᠤ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ᠂ 6 ᠳ᠋ᠤᠭᠠᠷ ᠰᠠᠷ᠎ᠠ ᠶᠢᠨ 17 ᠤ ᠡᠳᠦᠷ᠂ ᠲᠣᠭᠲᠠᠬᠤ ᠰᠢᠶᠠᠨ ᠾᠧ ᠺᠸᠦ ᠵᠢᠭᠤᠯᠴᠢᠯᠠᠯ ᠠᠮᠠᠷᠠᠯᠲᠠ ᠶᠢᠨ ᠣᠷᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠰᠢᠶᠠ ᠲᠠᠨ ᠲᠣᠰᠬᠤᠨ ᠤ ᠡᠮᠦᠨᠡᠬᠢ ᠬᠠᠲᠤᠨ ᠭᠤᠣᠯ ᠤᠨ ᠦᠵᠡᠮᠵᠢ ᠶᠢᠨ ᠴᠡᠭ ᠲᠤ 2025 ᠣᠨ ᠤ ᠵᠢᠭᠠᠰᠤᠨ ᠠᠵᠤ ᠦᠢᠯᠡᠰ ᠤᠨ ᠦᠷᠡᠵᠢᠯᠲᠡ ᠶᠢ ᠴᠢᠯᠦᠭᠡᠲᠡᠢ ᠲᠠᠯᠪᠢᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠪᠠ ᠥᠷᠭᠡᠨ ᠤᠯᠠᠨ ᠲᠦᠮᠡᠨ ᠤ ᠢᠳᠡᠪᠬᠢᠲᠡᠢ ᠣᠷᠣᠯᠴᠠᠬᠤ ᠶᠢᠨ ᠬᠠᠮᠲᠤ ᠬᠢᠨᠠᠯᠲᠠ ᠲᠠᠯᠪᠢᠪᠠ᠃      ᠲᠣᠰ ᠤᠳᠠᠭᠠᠨ ᠤ ᠦᠷᠡᠵᠢᠭᠦᠯᠦᠨ ᠲᠠᠯᠪᠢᠵᠤ ᠶᠠᠪᠤᠭᠤᠯᠬᠤ ᠠᠵᠢᠯᠯᠠᠭ᠎ᠠ ᠳᠤ ᠨᠡᠶᠢᠲᠡ ᠲᠠᠯᠪᠢᠭᠰᠠᠨ ᠠᠵᠤ ᠠᠬᠤᠢ ᠶᠢᠨ ᠳᠦᠷᠰᠦ ᠶᠢᠨ ᠡᠪᠡᠰᠦ᠂ ᠠᠯᠠᠭᠠᠨ᠎ᠠ ᠰᠣᠭᠤᠰᠤ 435 ᠲᠦᠮᠡᠨ ᠰᠡᠭᠦᠯ ᠳᠤ ᠬᠦᠷᠴᠦ᠂ ᠵᠢᠷᠠᠭᠠᠬᠠᠢ ᠶᠢᠨ ᠬᠡᠪ ᠪᠠᠷᠢᠮᠵᠢᠶ᠎ᠠ ᠨᠢ ᠪᠠᠷᠤᠭ 3 ︱ 4 ᠰᠠᠨᠲ᠋ᠢᠮᠧᠲᠷ ᠪᠠᠶᠢᠵᠤ᠂ ᠨᠡᠯᠢᠶᠡᠳ ᠴᠢᠩᠭ᠎ᠠ ᠣᠷᠴᠢᠨ ᠲᠣᠭᠤᠷᠢᠨ ᠳᠤ ᠵᠣᠬᠢᠴᠠᠬᠤ ᠴᠢᠳᠠᠪᠤᠷᠢ ᠪᠠ ᠥᠰᠦᠯᠲᠡ ᠶᠢᠨ ᠳᠠᠯᠳᠠ ᠬᠦᠴᠦᠨ ᠲᠠᠢ ᠶᠤᠮ᠃ ᠡᠭᠦᠨ ᠤ ᠬᠠᠮᠲᠤ ᠪᠠᠰᠠ ᠣᠷᠣᠨ ᠪᠦᠰᠡ ᠶᠢᠨ ᠴᠢᠨᠠᠷᠲᠠᠢ ᠠᠮᠢᠳᠤ ᠪᠣᠳᠠᠰ ᠤᠨ ᠲᠥᠷᠥᠯ ᠤᠨ ᠬᠠᠲᠤᠨ ᠭᠤᠣᠯ ᠤᠨ ᠮᠥᠷᠭᠦ ᠶᠢ 40 ᠲᠦᠮᠡ ᠲᠠᠯᠪᠢᠵᠠᠢ᠃ ᠬᠠᠲᠤᠨ ᠭᠤᠣᠯ ᠤᠨ ᠮᠥᠷᠭᠦ ᠨᠢ ᠬᠠᠲᠤᠨ ᠭᠤᠣᠯ ᠤᠨ ᠰᠠᠪᠠ ᠭᠠᠵᠠᠷ ᠤᠨ ᠣᠨᠴᠠᠯᠢᠭᠲᠤ ᠳᠦᠷᠰᠦ ᠪᠣᠯᠤᠭᠰᠠᠨ ᠤ ᠬᠤᠪᠢ ᠳᠤ᠂ ᠬᠠᠲᠤᠨ ᠭᠤᠣᠯ ᠤᠨ ᠠᠮᠢ ᠠᠬᠤᠢ ᠶᠢᠨ ᠰᠢᠰᠲ᠋ᠧᠮ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ  ᠲᠠᠢ ᠶᠤᠮ᠃      ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠪᠥᠬᠦ ᠨᠡᠶᠢᠭᠡᠮ ᠢ ᠬᠥᠲᠥᠯᠥᠨ ᠵᠢᠯᠤᠭᠤᠳᠴᠤ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠢ ᠬᠠᠮᠠᠭᠠᠯᠠᠬᠤ ᠤᠬᠠᠮᠰᠠᠷ ᠢ ᠪᠣᠶ ᠪᠣᠯᠭᠠᠵᠤ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠵᠤ᠂ ᠬᠠᠲᠤᠨ ᠭᠤᠣᠯ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ ᠶᠤᠮ᠃ ᠢᠷᠡᠭᠡᠳᠦᠢ ᠳᠤ᠂ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠢᠭᠠᠰᠤᠨ ᠠᠵᠤ ᠠᠬᠤᠢ ᠶᠢ ᠦᠷᠡᠵᠢᠭᠦᠯᠵᠦ ᠲᠠᠯᠪᠢᠬᠤ ᠠᠵᠢᠯ ᠢ ᠦᠷᠭᠦᠯᠵᠢᠯᠡᠨ ᠠᠬᠢᠭᠤᠯᠵᠤ᠂ ᠬᠠᠳᠤᠨ ᠭᠤᠣᠯ ᠤᠨ ᠤᠰᠤᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠠᠯᠢ ᠤᠯᠠᠨ ᠰᠢᠨᠵᠢᠯᠡᠬᠦ ᠤᠬᠠᠭᠠᠨᠴᠢ ᠪᠦᠲᠦᠮᠵᠢᠲᠡᠢ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠢᠭᠠᠰᠤᠨ ᠠᠵᠤ ᠦᠢᠯᠡᠰ ᠤᠨ ᠡᠬᠢ ᠪᠠᠶᠠᠯᠢᠭ ᠤᠨ ᠬᠠᠮᠠᠭᠠᠯᠠᠯᠲᠠ ᠪᠣᠯᠣᠨ ᠠᠵᠤ ᠠᠬᠤᠢ ᠶᠢᠨ ᠬᠥᠭᠵᠢᠯᠲᠡ ᠶᠢᠨ ᠬᠤᠣᠰ ᠠᠮᠵᠢᠯᠲᠠ ᠶᠢ ᠪᠡᠶᠡᠯᠡᠭᠦᠯᠵᠦ ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1