ᠢᠷᠡᠯᠲᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | 6 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠪᠡᠭᠡᠵᠢᠩ ᠤᠨ ᠰᠢᠶ᠋ᠧ ᠾᠧ | ᠡᠮᠨᠡᠯᠭᠡ ᠶᠢᠨ ᠬᠤᠷᠢᠶ᠎ᠠ᠂ ᠲᠣᠭᠲᠠᠬᠤ ᠰᠢᠶᠠᠨ ᠤ ᠤᠯᠤᠰ ᠲᠥᠷᠥ ᠶᠢᠨ ᠵᠥᠪᠯᠡᠯᠭᠡᠨ᠂ ᠲᠣᠭᠲᠠᠬᠤ ᠰᠢᠶᠠᠨ ᠤ | ᠡᠮᠨᠡᠯᠭᠡ ᠶᠢᠨ ᠬᠤᠷᠢᠶ᠎ᠠ ᠲᠠᠪᠢᠨ ᠭᠡᠷ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ︽ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠤᠭ ᠰᠠᠨᠠᠭ᠎ᠠ ᠪᠠᠨ ᠦᠢᠯᠡᠳᠦᠯᠭᠡᠵᠢᠭᠦᠯᠦᠨ ᠠᠯᠪᠠᠨ ᠵᠢᠷᠤᠮ ᠤᠨ ᠡᠮᠴᠢᠯᠡᠭᠡ ᠬᠢᠵᠦ | ᠠᠷᠠᠳ ᠤᠨ ᠰᠡᠳᠬᠢᠯ ᠢ ᠳᠤᠯᠠᠭᠠᠴᠠᠭᠤᠯᠬᠤ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ | ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠣᠯᠠᠨ ᠲᠦᠮᠡᠨ ᠳᠤ ᠬᠦᠷᠭᠡᠪᠡ᠃ | ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠡᠩᠨᠡᠭᠡ ᠬᠦᠴᠦᠷᠬᠡᠭ ᠶᠡᠭᠡ᠂ ᠪᠡᠭᠡᠵᠢᠩ ᠤᠨ ᠰᠢᠶ᠋ᠧ | ᠾᠧ ᠡᠮᠨᠡᠯᠭᠡ ᠶᠢᠨ ᠬᠤᠷᠢᠶᠠᠨ ᠤ ᠦᠪᠦᠷ ᠮᠣᠩᠭᠤᠯ ᠢ ᠲᠤᠰᠠᠯᠠᠬᠤ 19 ᠳ᠋ᠤᠭᠡᠷ ᠪᠦᠯᠦᠭ ᠤᠨ ᠡᠮᠴᠢᠯᠡᠭᠡᠨ ᠤ | ᠠᠩᠭᠢ ᠶᠢᠨ ᠲᠤᠰᠬᠠᠢ ᠮᠡᠷᠭᠡᠵᠢᠯᠲᠡᠳ ᠢ ᠴᠤᠭᠯᠠᠭᠤᠯᠤᠨ᠂ ᠬᠠᠯᠳᠠᠪᠤᠷᠢᠯᠠᠯ ᠤᠨ ᠳᠣᠲᠣᠷ ᠰᠠᠯᠠᠭ᠎ᠠ᠂ ᠳᠦᠷᠢ ᠵᠠᠰᠠᠬᠤ | ᠭᠠᠳᠠᠷ ᠰᠠᠯᠠᠭ᠎ᠠ᠂ ᠬᠢᠲᠠᠳ ᠡᠮᠨᠡᠯᠭᠡ ᠶᠢᠨ ᠰᠠᠯᠠᠭ᠎ᠠ ᠵᠡᠷᠭᠡ ᠣᠯᠠᠨ ᠬᠦᠷᠢᠶ᠎ᠡ ᠵᠢᠴᠢ ᠲᠤᠭᠳᠠᠬᠤ ᠰᠢᠶᠠᠨ ᠤ | ᠡᠮᠨᠡᠯᠭᠡ ᠶᠢᠨ ᠬᠤᠷᠢᠶᠠᠨ ᠤ ᠶᠠᠰᠤᠨ ᠤ ᠰᠠᠯᠠᠭ᠎ᠠ᠂ ᠮᠡᠳᠡᠷᠡᠯ ᠤᠨ ᠳᠣᠲᠣᠷ ᠰᠠᠯᠠᠭ᠎ᠠ ᠵᠡᠷᠭᠡ ᠣᠯᠠᠨ ᠰᠠᠯᠠᠭᠠᠨ ᠤ | ᠲᠠᠰᠤᠭ ᠤᠨ ᠲᠤᠰᠬᠠᠢ ᠮᠡᠷᠭᠡᠵᠢᠯᠲᠡᠳ ᠢ ᠬᠠᠮᠤᠷᠴᠤ᠂ ᠡᠭᠦᠨ ᠤ ᠳᠣᠲᠣᠷᠠᠬᠢ ᠬᠡᠰᠡᠭ ᠲᠤᠰᠬᠠᠢ ᠮᠡᠷᠭᠡᠵᠢᠯᠲᠡᠨ ᠨᠢ | ᠲᠤᠭᠳᠠᠬᠤ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠣᠨ᠎ᠠ᠃ ᠠᠵᠢᠯᠯᠠᠭ᠎ᠠ ᠶᠢᠨ ᠲᠤᠬᠠᠢ ᠶᠢᠨ | ᠲᠠᠯᠠᠪᠠᠢ ᠳᠤ᠂ ᠲᠤᠰᠬᠠᠢ ᠮᠡᠷᠭᠡᠵᠢᠯᠲᠡᠨ ᠨᠠᠷ ᠡᠮᠨᠡᠭᠦᠯᠬᠦ ᠪᠠᠷ ᠢᠷᠡᠭᠰᠡᠨ ᠤᠯᠠᠨ ᠲᠦᠮᠡᠨ ᠳᠤ ᠬᠦᠯᠢᠴᠡᠩᠭᠦᠢ ᠨᠠᠷᠢᠨ | ᠨᠢᠮᠪᠠᠢ ᠠᠰᠠᠭᠤᠨ ᠣᠨᠣᠰᠢᠯᠠᠵᠤ᠂ ᠪᠡᠶ᠎ᠡ ᠶᠢᠨ ᠪᠠᠶᠢᠴᠠᠭᠠᠯᠲᠠ ᠬᠢᠵᠦ᠂ ᠡᠪᠡᠳᠴᠢᠨ ᠤ ᠪᠠᠶᠢᠳᠠᠯ ᠢ ᠵᠠᠳᠠᠯᠵᠤ᠂ | ᠥᠪᠡᠷᠮᠢᠴᠡ ᠡᠮᠴᠢᠯᠡᠭᠡᠨ ᠤ ᠲᠥᠰᠥᠯ ᠪᠣᠯᠣᠨ ᠡᠷᠡᠭᠦᠯ ᠮᠡᠨᠳᠦ ᠶᠢᠨ ᠵᠢᠯᠣᠭᠤᠳᠤᠯᠭ᠎ᠠ ᠬᠠᠩᠭᠠᠵᠠᠢ᠃ ᠡᠭᠦᠨ ᠤ ᠬᠠᠮᠲᠤ | ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠪᠠᠶᠢᠩᠭᠤ ᠲᠣᠬᠢᠶᠠᠯᠳᠤᠬᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠮᠨᠡᠨ | ᠵᠠᠰᠠᠬᠤ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠤ ᠥᠪᠡᠷ ᠢ ᠪᠠᠨ ᠡᠷᠡᠭᠦᠯᠵᠢᠭᠦᠯᠬᠦ ᠦᠵᠡᠯ ᠤᠬᠠᠮᠰᠠᠷ ᠢ | ᠴᠢᠩᠭᠠᠷᠠᠭᠤᠯᠪᠠ᠃ | ᠲᠣᠰ ᠤᠳᠠᠭᠠᠨ ᠤ ᠠᠵᠢᠯᠯᠠᠭ᠎ᠠ ᠪᠣᠯ ︽ᠠᠷᠠᠳ ᠲᠦᠮᠡᠨ ᠳᠤ ᠦᠢᠯᠡᠴᠢᠯᠡᠬᠦ︾ ᠵᠣᠷᠢᠯᠲᠠ ᠶᠢ | ᠦᠢᠯᠡᠳᠦᠯᠭᠡᠵᠢᠭᠦᠯᠦᠭᠰᠡᠨ ᠠᠮᠢᠳᠤᠯᠢᠭ ᠦᠢᠯᠡᠳᠦᠯᠭᠡ ᠮᠥᠨ᠂ ᠦᠨᠳᠦᠰᠦᠨ ᠱᠠᠲᠤᠨ ᠤ ᠣᠯᠠᠨ ᠲᠦᠮᠡᠨ ᠢ | ᠪᠠᠯᠭᠠᠰᠤᠨ ᠠᠴᠠ ᠭᠠᠷᠬᠤ ᠦᠭᠡᠢ ᠪᠠᠷ ᠳᠠᠷᠤᠢ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶ᠎ᠠ ᠵᠢᠴᠢ ᠲᠣᠰ | ᠭᠠᠵᠠᠷ ᠤᠨ ᠲᠤᠰᠬᠠᠢ ᠮᠡᠷᠭᠡᠵᠢᠯᠲᠡᠨ ᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠶᠢ ᠭᠥᠷᠳᠡᠵᠦ᠂ ︽ᠡᠪᠡᠳᠴᠢᠨ | ᠦᠵᠡᠭᠦᠯᠬᠦ ᠳᠤ ᠬᠦᠴᠢᠷᠲᠡᠢ︾ ᠪᠠᠶᠢᠬᠤ ᠠᠰᠠᠭᠤᠳᠠᠯ ᠢ ᠨᠠᠮᠳᠠᠭᠤᠯᠬᠤ ᠪᠠᠷ ᠪᠠᠷᠠᠬᠤ ᠦᠭᠡᠢ ᠡᠷᠡᠭᠦᠯ ᠮᠡᠨᠳᠦ ᠶᠢᠨ | ᠮᠡᠳᠡᠯᠭᠡ ᠶᠢ ᠲᠦᠭᠡᠮᠡᠯᠵᠢᠭᠦᠯᠬᠦ ᠪᠠᠷ ᠳᠠᠮᠵᠢᠭᠤᠯᠤᠨ ᠪᠥᠬᠦ ᠠᠷᠠᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠪᠣᠯᠣᠨ᠎ᠠ᠃ ᠠᠵᠢᠯᠯᠠᠭ᠎ᠠ ᠨᠢ ᠡᠮᠴᠢᠯᠡᠭᠡᠨ ᠤ ᠡᠬᠢ ᠪᠠᠶᠠᠯᠢᠭ ᠤᠨ ᠳᠡᠭᠡᠳᠦ ᠳᠣᠣᠷᠠᠳᠤ ᠱᠠᠲᠤᠨ ᠤ | ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ ᠶᠢᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠠᠷᠠᠳ ᠲᠤ ᠠᠰᠢᠭ | ᠬᠦᠷᠲᠡᠭᠡᠬᠦ ᠪᠠ ᠠᠷᠠᠳ ᠲᠤ ᠠᠰᠢᠭ ᠬᠦᠷᠲᠡᠭᠡᠬᠦ ᠶᠢ ᠦᠨᠡᠨ ᠬᠦ ᠪᠣᠳᠠᠲᠠᠢ ᠪᠠᠷ ᠨᠠᠶᠢᠳᠠᠪᠤᠷᠢᠵᠢᠭᠤᠯᠵᠤ᠂ ᠣᠯᠠᠨ | ᠲᠦᠮᠡᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃ |