ᠢᠷᠡᠯᠲᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | 6 ᠳ᠋ᠤᠭᠠᠷ ᠰᠠᠷ᠎ᠠ ᠶᠢᠨ 17 ᠤ ᠡᠳᠦᠷ᠂ ᠲᠣᠭᠲᠠᠬᠤ ᠰᠢᠶᠠᠨ ᠤ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ | ᠲᠠᠪᠢᠨ ᠭᠡᠷ ᠲᠣᠰᠬᠤᠨ ᠳᠤ ᠵᠢᠩᠬᠢᠨᠢ ᠪᠠᠷ ᠡᠬᠢᠯᠡᠪᠡ᠃ ᠲᠤᠰ ᠤᠳᠠᠭ᠎ᠠ ᠶᠢᠨ ᠠᠵᠢᠯᠯᠠᠭ᠎ᠠ ᠨᠢ ︽ᠦᠨᠳᠦᠰᠦᠨ | ᠱᠠᠲᠤᠨ ᠳᠤ ᠦᠨᠳᠦᠰᠦᠯᠡᠵᠦ᠂ ᠤᠯᠠᠨ ᠲᠦᠮᠡᠨ ᠳᠤ ᠦᠢᠯᠡᠴᠢᠯᠡᠬᠦ︾ ᠪᠠᠷ ᠭᠤᠣᠯ ᠰᠢᠵᠢᠮ ᠪᠣᠯᠭᠠᠵᠤ᠂ ︽ | ᠲᠣᠭᠯᠠᠯᠲᠠ ᠭᠠᠷᠭᠠᠬᠤ + ᠵᠣᠬᠢᠶᠠᠨ ᠪᠦᠲᠦᠭᠡᠬᠦ + ᠦᠢᠯᠡᠴᠢᠯᠡᠬᠦ︾ ᠭᠤᠷᠪᠠ ᠶᠢ ᠨᠢᠭᠡ ᠴᠣᠭᠴᠠᠵᠢᠭᠤᠯᠬᠤ | ᠵᠠᠭᠪᠤᠷ ᠢᠶᠠᠷ ᠳᠠᠮᠵᠢᠭᠤᠯᠵᠤ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ | ᠡᠭᠦᠷᠭᠡ ᠶᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠤᠮᠠᠷᠠᠲᠤ ᠶᠢᠨ ᠰᠣᠶᠣᠯ ᠢ ᠬᠥᠭᠵᠢᠭᠦᠯᠦᠨ ᠮᠠᠨᠳᠤᠭᠤᠯᠬᠤ ᠳᠤ | ᠠᠮᠢᠵᠢᠷᠠᠯ ᠤᠨ ᠬᠦᠴᠦᠨ ᠨᠡᠮᠡᠷᠢᠯᠡᠵᠡᠢ᠃ | 6 ᠳ᠋ᠤᠭᠠᠷ ᠰᠠᠷ᠎ᠠ ᠶᠢᠨ 17 ᠤ ᠡᠳᠦᠷ ᠠᠴᠠ 7 ᠳ᠋ᠤᠭᠠᠷ ᠰᠠᠷ᠎ᠠ ᠶᠢᠨ 17 ᠤ ᠡᠳᠦᠷ ᠪᠣᠯᠲᠠᠯ᠎ᠠ᠂ ᠲᠣᠭᠲᠠᠬᠤ | ᠰᠢᠶᠠᠨ ᠤ ᠤᠯᠠᠭᠠᠨᠮᠥ᠋ᠴᠢᠷ ᠤᠨ ᠬᠢᠨ ᠦᠨᠳᠦᠰᠦᠨ ᠱᠠᠲᠤᠨ ᠳᠤ ᠭᠦᠨᠵᠡᠭᠡᠶᠢᠷᠡᠵᠦ ᠠᠷᠠᠳ ᠲᠤ ᠠᠰᠢᠭ ᠬᠦᠷᠲᠡᠭᠡᠬᠦ | ᠲᠣᠭᠯᠠᠯᠲᠠ ᠭᠠᠷᠭᠠᠬᠤ ᠪᠠᠷ ᠪᠣᠶ᠃ ᠠᠩᠭᠢ ᠶᠢᠨ ᠭᠡᠰᠢᠭᠦᠳ ︽ᠠᠷᠠᠳ ᠲᠦᠮᠡᠨ ᠤ ᠳᠤᠮᠳᠠ ᠣᠴᠢᠬᠤ︾ ᠪᠠᠷ | ᠵᠣᠷᠢᠯᠲᠠ ᠪᠣᠯᠭᠠᠵᠤ᠂ ᠰᠤᠷᠲᠠᠯ ᠴᠤᠭᠯᠠᠭᠤᠯᠤᠨ ᠵᠣᠬᠢᠶᠠᠨ ᠪᠦᠲᠦᠭᠡᠬᠦ ᠲᠠᠢ ᠤᠶᠠᠯᠳᠤᠭᠤᠯᠵᠤ᠂ ᠲᠤᠰ | ᠭᠠᠵᠠᠷ ᠤᠨ ᠢᠶᠠᠨ ᠲᠡᠦᠬᠡ ᠰᠣᠶᠣᠯ ᠤᠨ ᠡᠬᠢ ᠪᠠᠶᠠᠯᠢᠭ ᠢ ᠠᠭᠤᠳᠠᠯᠵᠤ᠂ ᠤᠯᠠᠨ ᠲᠦᠮᠡᠨ ᠤ ᠦᠵᠡᠵᠦ ᠰᠣᠨᠢᠷᠬᠠᠬᠤ | ᠳᠤᠷᠠᠲᠠᠢ ᠬᠡᠯᠪᠡᠷᠢ ᠪᠠᠷ ᠲᠣᠭᠲᠠᠬᠤ ᠶᠢᠨ ᠣᠨᠴᠠᠯᠢᠭ ᠢ ᠢᠯᠡᠷᠡᠭᠦᠯᠦᠨ᠎ᠡ᠃ ᠡᠭᠦᠨ ᠤ ᠬᠠᠮᠲᠤ᠂ ᠪᠦᠯᠬᠦᠮ | ᠨᠡᠶᠢᠲᠡ ᠠᠴᠠ ︽ᠣᠯᠠᠨ ᠲᠦᠮᠡᠨ ᠤ ᠵᠠᠬᠢᠶᠠᠯᠠᠭ᠎ᠠ ᠶᠢᠨ ᠬᠠᠭᠤᠳᠠᠰᠤ᠂ ᠤᠯᠠᠭᠠᠨᠮᠥ᠋ᠴᠢᠷ ᠤᠨ ᠵᠠᠬᠢᠶᠠᠯᠠᠭ᠎ᠠ ᠶᠢᠨ | ᠬᠠᠭᠤᠳᠠᠰᠤ︾ ᠶᠢᠨ ᠦᠢᠯᠡᠴᠢᠯᠡᠭᠡᠨ ᠤ ᠲᠣᠭᠲᠠᠴᠠ ᠶᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠬᠥᠳᠡᠯᠦᠩᠭᠦᠢ | ᠪᠠᠶᠢᠴᠠᠭᠠᠨ ᠰᠤᠳᠤᠯᠤᠯᠲᠠ ᠪᠠᠷ ᠳᠠᠮᠵᠢᠭᠤᠯᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ | ᠵᠣᠯᠭᠠᠭᠤᠯᠵᠤ᠂ ᠫᠷᠣᠭ᠍ᠷᠠᠮ ᠤᠨ ᠠᠭᠤᠯᠭ᠎ᠠ ᠪᠠ ᠬᠡᠯᠪᠡᠷᠢ ᠶᠢ ᠠᠮᠢᠳᠤᠯᠢᠭ ᠢᠶᠠᠷ ᠲᠣᠬᠢᠷᠠᠭᠤᠯᠤᠨ᠂ ᠤᠳᠬ᠎ᠠ | ᠤᠷᠠᠯᠢᠭ ᠤᠨ ᠬᠠᠩᠭᠠᠯᠭ᠎ᠠ ᠶᠢᠨ ︽ᠣᠯᠠᠨ ᠲᠦᠮᠡᠨ ᠤ ᠠᠩᠬᠠᠷᠤᠯ ᠢ ᠲᠠᠲᠠᠬᠤ︾ ᠶᠢ ᠦᠨᠡᠨ ᠬᠦ ᠪᠠᠳᠤᠯᠠᠨ᠎ᠠ᠃ | ᠲᠣᠭᠲᠠᠬᠤ ᠰᠢᠶᠠᠨ ᠤ ᠤᠯᠠᠭᠠᠨᠮᠥ᠋ᠴᠢᠷ ︽ᠭᠠᠳᠠᠭᠰᠢ ᠭᠠᠷᠬᠤ︾ ᠪᠠᠷ ᠨᠡᠩ ᠥᠨᠳᠥᠷ ᠲᠠᠪᠴᠠᠩ ᠤᠨ | ᠰᠣᠯᠢᠯᠴᠠᠭ᠎ᠠ ᠳᠤ ᠣᠷᠣᠯᠴᠠᠨ᠎ᠠ᠄ ᠨᠢᠭᠡ ᠳᠤ᠂ ᠥᠪᠥᠷ ᠮᠣᠩᠭᠤᠯ ᠤᠨ ᠰᠢᠭᠤᠳ ᠬᠠᠷᠢᠶ᠎ᠠ ᠤᠯᠠᠭᠠᠨᠮᠥ᠋ᠴᠢᠷ ᠢᠶᠠᠷ | ᠲᠦᠷᠦᠭᠦᠯᠡᠭᠦᠯᠦᠭᠰᠡᠨ ᠪᠦᠬᠦ ᠣᠷᠣᠨ ᠤ ᠤᠷᠠᠯᠢᠭ ᠤᠨ ᠨᠠᠶᠢᠷ ᠲᠤ ᠣᠷᠣᠯᠴᠠᠵᠤ᠂ ᠪᠦᠯᠬᠦᠮ ᠤᠨ ᠵᠣᠬᠢᠶᠠᠨ | ᠪᠦᠲᠦᠭᠡᠭᠰᠡᠨ ᠦᠷ᠎ᠡ ᠪᠦᠲᠦᠭᠡᠯ ᠢ ᠳᠡᠯᠭᠡᠨ ᠦᠵᠡᠭᠦᠯᠦᠨ᠎ᠡ︔ ᠬᠤᠶᠠᠷ ᠲᠤ᠂ ᠣᠷᠳᠣᠰ ᠬᠤᠲᠠ ᠳᠤ ᠲᠣᠭᠯᠠᠯᠲᠠ | ᠭᠠᠷᠭᠠᠵᠤ᠂ ᠲᠠᠭᠤᠤ ᠪᠥᠵᠢᠭ᠂ ᠳᠠᠭᠤᠷᠢᠯᠢᠭ ᠵᠡᠷᠭᠡ ᠤᠷᠠᠯᠢᠭ ᠤᠨ ᠬᠡᠯᠪᠡᠷᠢ ᠪᠠᠷ ᠤᠮᠠᠷᠠᠲᠤ ᠬᠢᠯᠢ ᠶᠢᠨ ᠰᠣᠶᠣᠯ ᠤᠨ | ᠷᠢᠳᠢ ᠰᠢᠳᠢ ᠶᠢ ᠤᠯᠠᠮᠵᠢᠯᠠᠨ᠎ᠠ᠃ | ᠲᠣᠰ ᠤᠳᠠᠭᠠᠨ ᠤ ᠠᠵᠢᠯᠯᠠᠭ᠎ᠠ ᠨᠢ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠤᠯᠠᠮᠵᠢᠯᠠᠨ | ᠵᠠᠯᠭᠠᠮᠵᠢᠯᠠᠭᠰᠠᠨ ᠢᠶᠠᠷ ᠪᠠᠷᠠᠬᠤ ᠦᠭᠡᠢ᠂ ᠨᠠᠩ ᠴᠤ ᠲᠣᠭᠲᠠᠬᠤ ᠰᠢᠶᠠᠨ ᠤ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠭᠰᠡᠨ ᠠᠮᠢᠳᠤᠯᠢᠭ ᠦᠢᠯᠡᠳᠦᠯᠭᠡ ᠪᠣᠯᠬᠤ ᠶᠤᠮ᠃ ᠢᠷᠡᠭᠡᠳᠦᠢ ᠳᠤ᠂ ᠲᠣᠭᠲᠠᠬᠤ ᠰᠢᠶᠠᠨ ᠤ | ᠤᠯᠠᠭᠠᠨᠮᠥ᠋ᠴᠢᠷ ᠤᠨ ᠬᠢᠨ ᠦᠷᠭᠦᠯᠵᠢᠯᠡᠨ ᠠᠷᠠᠳ ᠲᠦᠮᠡᠨ ᠢᠶᠠᠷ ᠭᠤᠣᠯ ᠪᠣᠯᠭᠠᠵᠤ᠂ ᠤᠳᠬ᠎ᠠ ᠤᠷᠠᠯᠢᠭ ᠤᠨ | ᠬᠦᠴᠦᠨ ᠢᠶᠠᠷ ᠡᠷᠡᠯᠬᠡᠭᠯᠡᠨ ᠤᠷᠤᠭᠰᠢᠯᠠᠬᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ︽ᠬᠤᠪᠢᠰᠬᠠᠯᠳᠦ ᠮᠣᠷᠢᠲᠤ | ᠴᠡᠷᠢᠭ︾ ᠤᠨ ᠲᠤᠭ ᠢ ᠤᠮᠠᠷᠠᠲᠤ ᠬᠢᠯᠢ ᠶᠢᠨ ᠡᠬᠡ ᠭᠠᠵᠠᠷ ᠲᠤ ᠥᠨᠳᠥᠷ ᠨᠠᠮᠢᠷᠠᠭᠤᠯᠤᠨ᠎ᠠ᠃ | |