ᠢᠷᠡᠯᠲᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | 24 ᠳ᠋ᠤᠭᠡᠷ ᠪᠦᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠬᠥᠳᠡᠭᠡ ᠲᠣᠰᠬᠤᠨ ᠤ ᠠᠶᠤᠯᠭᠦᠢ | ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠴᠢᠨᠠᠭᠰᠢᠳᠠ ᠴᠢᠩᠭᠠᠳᠬᠠᠵᠤ᠂ ᠬᠥᠳᠡᠭᠡ ᠲᠣᠰᠬᠤᠨ ᠤ | ᠤᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠪᠣᠯᠣᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ | ᠴᠢᠳᠠᠪᠤᠷᠢ ᠶᠢ ᠦᠨᠡᠨᠬᠦ ᠴᠢᠩᠭᠠᠳᠬᠠᠬᠤ ᠶᠢᠨ ᠲᠦᠯᠦᠭᠡ᠂ ᠣᠶᠢᠷ᠎ᠠ ᠶᠢᠨ ᠡᠳᠦᠷ᠂ ᠲᠣᠭᠲᠠᠬᠤ ᠰᠢᠶᠠᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠭᠲᠠᠬᠤ ᠰᠢᠶᠠᠨ ᠤ ᠦᠱᠸᠡᠨ ᠪᠠᠯᠭᠠᠰᠤ ᠶᠢᠨ ᠦᠱᠸᠡᠨ | ᠲᠣᠰᠬᠤᠨ ᠳᠤ 2025 ᠣᠨ ᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ | ᠮᠡᠳᠡᠯᠭᠡ ᠶᠢᠨ ᠤᠬᠠᠭᠤᠯᠭ᠎ᠠ ᠶᠢᠨ ︽ᠬᠥᠳᠡᠭᠡ ᠲᠣᠰᠬᠤᠨ ᠳᠤ ᠤᠷᠤᠬᠤ︾ ᠠᠵᠢᠯᠯᠠᠭ᠎ᠠ ᠥᠷᠨᠢᠭᠦᠯᠵᠡᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠠᠵᠢᠯᠲᠠᠳ ᠨᠠᠰᠢ ᠴᠠᠰᠢ ᠥᠩᠭᠡᠷᠡᠬᠦ ᠲᠣᠰᠬᠤᠨ ᠤ ᠠᠷᠠᠳ ᠲᠤ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ | ᠲᠦᠪᠰᠢᠨ ᠤ ᠬᠠᠤᠯᠢ︾᠂ ᠬᠡᠶᠢᠲᠦ ᠯᠣᠩᠬᠤ ᠪᠣᠯᠣᠨ ᠴᠠᠬᠢᠯᠭᠠᠨ ᠱᠠᠲᠤ ᠬᠡᠷᠡᠭᠯᠡᠬᠦ ᠠᠮᠤᠷ ᠲᠦᠪᠰᠢᠨ ᠤ | ᠤᠬᠠᠭᠤᠯᠭ᠎ᠠ ᠶᠢᠨ ᠵᠢᠷᠤᠭᠲᠤ ᠳᠡᠪᠲᠡᠷ ᠵᠡᠷᠭᠡ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ | ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠡᠭᠦᠨ ᠤ ᠵᠡᠷᠭᠡ ᠳᠤ᠂ ᠠᠵᠢᠯᠲᠠᠳ | ᠥᠷᠭᠡᠨ ᠣᠯᠠᠨ ᠲᠣᠰᠬᠤᠨ ᠤ ᠠᠷᠠᠳ ᠤᠨ ᠠᠩᠬᠠᠷᠴᠤ ᠪᠠᠶᠢᠭ᠎ᠠ ᠴᠠᠬᠢᠯᠭᠠᠨ ᠱᠠᠲᠤᠨ ᠳᠤ ᠠᠮᠤᠷ ᠲᠦᠪᠰᠢᠨ ᠢᠶᠠᠷ | ᠰᠠᠭᠤᠬᠤ ᠠᠰᠠᠭᠤᠳᠠᠯ ᠤᠨ ᠲᠤᠬᠠᠢ ᠨᠠᠷᠢᠨ ᠲᠠᠶᠢᠯᠤᠮᠵᠢ ᠬᠢᠵᠦ᠂ ᠲᠣᠰᠬᠤᠨ ᠤ ᠠᠷᠠᠳ ᠲᠤ ᠪᠣᠯᠪᠠᠰᠤᠨ ᠢᠶᠠᠷ | ᠱᠠᠲᠤᠨ ᠳᠤ ᠰᠠᠭᠤᠬᠤ᠂ ᠰᠡᠦᠬᠡᠨ ᠳᠤ ᠦᠰᠦᠷᠴᠦ ᠬᠠᠷᠠᠶᠢᠬᠤ᠂ ᠡᠭᠦᠳᠡ ᠮᠠᠴᠤᠬᠤ᠂ ᠲᠠᠮᠠᠬᠢ ᠲᠠᠲᠠᠬᠤ ᠵᠡᠷᠭᠡ | ᠦᠶᠯᠡ ᠠᠵᠢᠯᠯᠠᠭ᠎ᠠ ᠪᠢᠳᠡᠭᠡᠢ ᠬᠢᠭᠡᠷᠡᠢ᠂ ᠬᠡᠷᠪᠡ ᠰᠠᠨᠠᠭᠠᠨ ᠳᠤ ᠦᠭᠡᠢ ᠬᠠᠰᠢᠭᠳᠠᠪᠠᠯ ᠠᠶᠤᠵᠤ ᠰᠠᠨᠳᠤᠷᠬᠤ ᠬᠡᠷᠡᠭ | ᠦᠭᠡᠢ᠂ ᠰᠡᠦᠬᠡᠨ ᠳᠠᠬᠢ ᠬᠤᠯᠪᠣᠭᠳᠠᠯ ᠪᠦᠬᠦᠢ ᠰᠠᠨᠠᠭᠤᠯᠤᠮᠵᠢ ᠶᠢ ᠦᠨᠳᠦᠰᠦᠯᠡᠨ ᠠᠪᠤᠷᠠᠨ ᠲᠤᠰᠠᠯᠠᠬᠤ ᠤᠲᠠᠰᠤ ᠶᠢ | ᠴᠠᠭ ᠲᠤᠬᠠᠢ ᠳᠤᠨᠢ ᠤᠲᠠᠰᠤᠳᠠᠵᠤ᠂ ᠠᠪᠤᠷᠠᠨ ᠲᠤᠰᠠᠯᠠᠬᠤ ᠬᠥᠮᠥᠰ ᠤᠨ ᠬᠦᠷᠴᠦ ᠢᠷᠡᠬᠦ ᠶᠢ ᠬᠦᠯᠢᠴᠡᠩᠭᠦᠢ ᠪᠠᠷ | ᠬᠦᠯᠢᠶᠡᠬᠦ ᠬᠡᠷᠡᠭᠲᠡᠢ ᠭᠡᠵᠦ ᠵᠠᠬᠢᠭᠰᠠᠨ ᠪᠠᠶᠢᠨ᠎ᠠ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ | 80 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠥᠷᠭᠡᠨ ᠣᠯᠠᠨ ᠲᠣᠰᠬᠤᠨ ᠤ ᠠᠷᠠᠳ ᠲᠤ | ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠴᠢᠬᠤᠯᠠ ᠴᠢᠨᠠᠷ ᠢ ᠣᠶᠢᠯᠠᠭᠠᠭᠤᠯᠵᠤ᠂ ᠲᠣᠰᠬᠤᠨ ᠤ ᠠᠷᠠᠳ ᠢ | ᠠᠮᠤᠷ ᠲᠦᠪᠰᠢᠨ ᠤ ᠤᠬᠠᠮᠰᠠᠷ ᠲᠠᠢ ᠪᠣᠯᠭᠠᠵᠤ᠂ ᠰᠠᠶᠢᠨ ᠰᠠᠶᠢᠬᠠᠨ ᠠᠮᠤᠷ ᠲᠦᠪᠰᠢᠨ ᠤ ᠳᠠᠳᠬᠠᠯ ᠲᠠᠢ ᠪᠣᠯᠭᠠᠬᠤ ᠪᠠᠷ | ᠬᠥᠲᠥᠯᠥᠨ ᠵᠢᠯᠣᠭᠤᠳᠪᠠ᠃ | ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠪᠦᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠠᠷ ᠠᠵᠠ ᠲᠣᠬᠢᠶᠠᠯ ᠪᠣᠯᠭᠠᠵᠤ᠂ | ᠪᠠᠶᠢᠩᠭᠤᠵᠢᠭᠤᠯᠤᠭᠰᠠᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠨᠴᠠ ᠲᠦᠷᠦᠯ ᠤᠨ | ᠲᠤᠨᠤᠭ ᠲᠥᠬᠦᠭᠡᠷᠦᠮᠵᠢ ᠶᠢᠨ ᠠᠶᠤᠯᠭᠦᠢ ᠶᠢᠨ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠵᠦ᠂ ᠠᠶᠤᠯᠭᠦᠢ | ᠦᠢᠯᠡᠳᠪᠦᠷᠢᠯᠡᠯ ᠤᠨ ᠤᠬᠠᠭᠤᠯᠭ᠎ᠠ ᠶᠢᠨ ᠠᠵᠢᠯ ᠤᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠤᠨ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠢ ᠶᠢᠨ ᠮᠡᠳᠡᠯᠭᠡ ᠶᠢ ᠢᠳᠡᠪᠬᠢᠲᠡᠢ | ᠤᠬᠠᠭᠤᠯᠵᠤ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠲᠦᠭᠡᠮᠡᠯᠵᠢᠭᠦᠯᠵᠦ᠂ ᠪᠦᠬᠦ ᠠᠷᠠᠳ ᠤᠨ ᠠᠶᠤᠯᠭᠦᠢ ᠶᠢᠨ ᠤᠬᠠᠮᠰᠠᠷ ᠪᠠ ᠠᠶᠤᠯ ᠠᠴᠠ ᠵᠠᠶᠢᠯᠠᠵᠤ ᠠᠮᠢ | ᠵᠢᠭᠤᠲᠠᠬᠤ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠎ᠡ᠃ | |