ᠢᠷᠡᠯᠲᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | 6 ᠳ᠋ᠤᠭᠠᠷ ᠰᠠᠷ᠎ᠠ ᠶᠢᠨ 21 ᠤ ᠡᠳᠦᠷ᠂ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ | ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠰᠢᠶᠠᠨ ᠤ ᠡᠪᠯᠡᠯ ᠤᠨ ᠬᠤᠷᠢᠶ᠎ᠠ᠂ ᠰᠢᠶᠠᠨ ᠤ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠲᠣᠪᠴᠢᠶ᠎ᠠ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ᠂ ᠰᠢᠶᠠᠨ ᠤ ᠤᠳᠬ᠎ᠠ | ᠤᠷᠠᠯᠢᠭ ᠤᠨ ᠬᠢᠨ ᠤ ᠬᠤᠯᠪᠣᠭ᠎ᠠ᠂ ᠰᠢᠶᠠᠨ ᠤ ᠵᠡᠮᠳᠡᠭᠴᠦᠳ ᠤᠨ ᠬᠤᠯᠪᠣᠭ᠎ᠠ᠂ ᠰᠢᠶᠠᠨ ᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠲᠥᠪ ᠠᠴᠠ ᠭᠤᠤᠯᠴᠢᠯᠠᠨ ᠡᠷᠬᠢᠯᠡᠵᠦ᠂ ᠬᠥᠬᠡᠬᠤᠲᠠ ᠶᠢᠨ ᠵᠠᠯᠠᠭᠤᠴᠤᠳ | ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠨᠡᠶᠢᠭᠡᠮᠯᠢᠭ᠂ ᠠᠢ ᠺᠧ ᠰᠧ ᠮᠠᠰᠢᠨ ᠬᠥᠮᠥᠨ ᠤ | ᠫᠷᠣᠭ᠍ᠷᠠᠮ ᠨᠠᠶᠢᠷᠠᠭᠤᠯᠬᠤ ᠪᠣᠯᠪᠠᠰᠤᠷᠠᠯ ᠤᠨ ᠰᠤᠷᠭᠠᠭᠤᠯᠢ ᠠᠴᠠ ᠳᠠᠭᠠᠭᠠᠴᠢᠯᠠᠨ ᠡᠷᠬᠢᠯᠡᠭᠰᠡᠨ ᠲᠣᠭᠲᠠᠬᠤ ᠰᠢᠶᠠᠨ ᠤ | ᠬᠤᠶᠠᠳᠤᠭᠠᠷ ᠬᠤᠭᠤᠴᠠᠭᠠᠨ ᠤ ᠪᠠᠭᠠᠴᠤᠳ ᠬᠡᠦᠬᠡᠳ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ | ᠤᠷᠤᠯᠳᠤᠭᠠᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠭᠤᠷᠪᠠᠳᠤᠭᠠᠷ ᠳᠤᠮᠳᠠᠳᠤ | ᠰᠤᠷᠭᠠᠭᠤᠯᠢ ᠳᠤ ᠶᠠᠪᠤᠭᠳᠠᠪᠠ᠃ | ᠲᠣᠰ ᠤᠳᠠᠭᠠᠨ ᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠤᠷᠤᠯᠳᠤᠭᠠᠨ ᠨᠢ ᠪᠥᠬᠦ ᠰᠢᠶᠠᠨ ᠤ | 4 ︱ 16 ᠨᠠᠰᠤᠨ ᠤ ᠵᠠᠯᠠᠭᠤᠴᠤᠳ ᠪᠠᠭᠠᠴᠤᠳ ᠲᠤ ᠬᠠᠨᠳᠤᠭᠤᠯᠤᠨ᠂ ᠵᠢᠯᠣᠭᠤᠴᠢ ᠦᠭᠡᠢ ᠨᠢᠰᠬᠡᠯ ᠤᠨ ᠰᠠᠭᠠᠳ | ᠳᠠᠪᠠᠭ᠋ᠤ᠂ ᠵᠢᠷᠤᠭᠴᠢᠯᠠᠭᠰᠠᠨ ᠫᠷᠣᠭ᠍ᠷᠠᠮ ᠨᠠᠶᠢᠷᠠᠭᠤᠯᠬᠤ᠂ ᠪᠦᠲᠦᠭᠡᠯᠴᠢ ᠴᠣᠭᠴᠠᠯᠠᠯᠲᠠ ᠵᠡᠷᠭᠡ ᠵᠢᠷᠭᠤᠭᠠᠨ ᠶᠡᠭᠡ | ᠲᠥᠷᠥᠯ ᠤᠨ ᠤᠷᠤᠯᠳᠤᠭᠠᠨ ᠤ ᠵᠦᠢᠯ ᠢ ᠲᠣᠬᠢᠷᠠᠭᠤᠯᠵᠤ᠂ 530 ᠲᠠᠮᠢᠷᠴᠢᠨ ᠢ ᠬᠠᠮᠲᠤ ᠪᠠᠷ ᠤᠷᠤᠯᠳᠤᠭᠠᠨ ᠳᠤ | ᠤᠷᠤᠯᠴᠠᠵᠠᠢ᠃ | ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠲᠠᠮᠢᠷᠴᠢᠳ ᠡᠯ᠎ᠡ ᠤᠷᠤᠯᠳᠤᠭᠠᠨ ᠤ ᠲᠦᠷᠦᠯ ᠵᠦᠢᠯ ᠳᠤ | ᠯᠠᠪᠳᠠᠭᠤᠨ ᠪᠠᠲᠤᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠪ ᠪᠣᠯᠪᠠᠰᠤᠷᠠᠯ ᠪᠣᠯᠣᠨ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢᠶᠠᠨ ᠢᠯᠡᠷᠡᠭᠦᠯᠪᠡ᠃ ᠵᠢᠯᠣᠭᠤᠴᠢ ᠦᠭᠡᠢ ᠨᠢᠰᠬᠡᠯ ᠤᠨ ᠰᠠᠭᠠᠳ ᠳᠠᠪᠠᠭ᠋ᠤ ᠤᠷᠤᠯᠳᠤᠭᠠᠨ ᠤ | ᠲᠠᠯᠠᠪᠤᠷ ᠲᠤ᠂ ᠲᠠᠮᠢᠷᠴᠢᠨ ᠨᠠᠷᠢᠯᠢᠭ ᠣᠨᠣᠴᠠᠲᠠᠢ ᠪᠠᠷ ᠡᠵᠡᠮᠳᠡᠬᠦ ᠲᠥᠬᠦᠭᠡᠷᠦᠮᠵᠢ ᠶᠢᠨ ᠰᠠᠭᠠᠳ ᠲᠣᠳᠬᠠᠷ ᠢ ᠳᠠᠪᠠᠵᠤ | ᠂ ᠭᠠᠷ ᠨᠢᠳᠦᠨ ᠤ ᠵᠣᠬᠢᠴᠠᠭᠤᠯᠬᠤ ᠴᠢᠳᠠᠪᠤᠷᠢ ᠪᠠᠨ ᠪᠦᠷᠢᠨ ᠢᠯᠡᠷᠡᠭᠦᠯᠪᠡ︔ ᠫᠷᠣᠭ᠍ᠷᠠᠮ ᠨᠠᠶᠢᠷᠠᠭᠤᠯᠭ᠎ᠠ ᠶᠢᠨ | ᠤᠷᠤᠯᠳᠤᠭᠠᠨ ᠤ ᠵᠦᠢᠯ ᠳᠤ᠂ ᠯᠣᠭᠢᠭ ᠰᠡᠳᠬᠢᠬᠦᠢ ᠪᠠ ᠪᠦᠲᠦᠭᠡᠯᠴᠢ ᠰᠡᠳᠬᠢᠬᠦᠢ ᠶᠢᠨ ᠮᠥᠷᠭᠦᠯᠳᠦᠭᠡᠨ ᠠᠴᠠ | ᠰᠣᠨᠢᠷᠬᠠᠯ ᠪᠠ ᠪᠣᠳᠠᠲᠤ ᠬᠡᠷᠡᠭᠯᠡᠭᠡᠨ ᠤ ᠵᠢᠵᠢᠭ ᠫᠷᠣᠭ᠍ᠷᠠᠮ ᠪᠤᠢ ᠪᠣᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠤᠷᠠᠨ | ᠵᠢᠷᠤᠭ᠂ ᠰᠢᠨᠵᠢᠯᠡᠬᠦ ᠤᠬᠠᠭᠠᠨ ᠤ ᠬᠡᠢ ᠪᠤᠳᠤᠯ ᠤᠨ ᠵᠣᠬᠢᠶᠠᠯ ᠵᠡᠷᠭᠡ ᠭᠤᠭᠴᠤᠭ᠎ᠠ ᠨᠢ ᠪᠠᠭᠠᠴᠤᠳ ᠢ ᠨᠡᠩ ᠴᠤ | ᠵᠢᠷᠤᠭ ᠤᠨ ᠪᠢᠷ ᠪᠣᠯᠣᠨ ᠦᠰᠦᠭ ᠪᠢᠴᠢᠭ ᠢᠶᠠᠷ ᠢᠷᠡᠭᠡᠳᠦᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠮᠵᠢ ᠶᠢ | ᠵᠢᠷᠤᠭᠯᠠᠬᠤ ᠪᠣᠯᠭᠠᠵᠠᠢ᠃ ᠣᠶᠢᠯᠠᠭᠠᠭᠰᠠᠨ ᠢᠶᠠᠷ᠂ ᠲᠣᠭᠲᠠᠬᠤ ᠰᠢᠶᠠᠨ ᠤ ᠪᠡᠯᠡᠳᠬᠡᠯ ᠰᠢᠢᠳᠪᠦᠷᠢᠲᠦ | ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠬᠥᠬᠡᠬᠤᠲᠠ ᠶᠢᠨ ᠵᠢᠷᠭᠤᠳᠤᠭᠠᠷ ᠬᠤᠭᠤᠴᠠᠭᠠᠨ ᠤ ᠪᠠᠭᠠᠴᠤᠳ | ᠬᠡᠦᠬᠡᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ | ᠳᠠᠪᠰᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠰᠡᠯ ᠵᠡᠭᠦᠳᠦ ᠪᠠᠨ ᠦᠷᠭᠦᠯᠵᠢᠯᠡᠨ ᠬᠥᠭᠡᠭᠡᠴᠡᠯᠳᠦᠬᠦ ᠪᠣᠯᠣᠨ᠎ᠠ᠃ | | ᠲᠤᠰ ᠤᠳᠠᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠷᠤᠯᠳᠤᠭᠠᠨ ᠢ ᠠᠮᠵᠢᠯᠲᠠ ᠲᠠᠢ | ᠡᠷᠬᠢᠯᠡᠭᠰᠡᠡ ᠨᠢ ᠵᠠᠯᠠᠭᠤ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠳᠤ ᠪᠠᠭ᠋ᠠᠲᠠᠢ ᠬᠥᠮᠥᠰ ᠲᠤ ᠠᠪᠢᠶᠠᠰ | ᠴᠢᠳᠠᠪᠤᠷᠢ ᠪᠠᠨ ᠭᠠᠶᠢᠬᠠᠭᠤᠯᠬᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠨᠡᠩ ᠴᠤ ᠪᠦᠬᠦ ᠨᠡᠶᠢᠭᠡᠮ ᠳᠤ | ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨ᠎ᠡ ᠶᠢ ᠡᠭᠦᠳᠬᠦ ᠶᠢ ᠡᠷᠬᠢᠮᠯᠡᠬᠦ ᠰᠠᠶᠢᠨ ᠰᠠᠶᠢᠬᠠᠨ ᠠᠭᠤᠷ ᠠᠮᠢᠰᠬᠤᠯ ᠢ | ᠪᠤᠢ ᠪᠣᠯᠭᠠᠭᠰᠠᠨ ᠪᠠᠶᠢᠨ᠎ᠠ᠃ ᠲᠣᠭᠲᠠᠬᠤ ᠰᠢᠶᠠᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠠᠵᠢᠯ ᠢ ᠦᠷᠭᠦᠯᠵᠢᠯᠡᠨ ᠠᠬᠢᠭᠤᠯᠵᠤ᠂ ᠰᠢᠨ᠎ᠡ ᠴᠠᠭ ᠦᠶ᠎ᠡ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠳᠤ ᠬᠦᠴᠦᠨ | ᠴᠢᠳᠠᠯ ᠢᠶᠠᠨ ᠡᠷᠭᠦᠨ᠎ᠡ᠃ | |