2025 ᠣᠨ ᠤ 6ᠳ᠋ᠤᠭᠠᠷ ᠰᠠᠷ᠎ᠠ ᠶᠢᠨ 26 ᠤ ᠡᠳᠦᠷ ᠪᠣᠯ 38 ᠳ᠋ᠤᠭᠠᠷ ᠳᠡᠯᠡᠬᠡᠢ ᠶᠢᠨ ᠬᠤᠣᠷ᠎ᠠ | ᠴᠠᠭᠠᠵᠠᠯᠠᠬᠤ ᠡᠳᠦᠷ ᠪᠣᠯᠣᠨ᠎ᠠ᠂ ᠡᠨᠡ ᠡᠳᠦᠷ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠡᠮᠡᠭᠲᠡᠶᠢᠴᠦᠳ ᠤᠨ ᠬᠤᠯᠪᠣᠭ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠪᠯᠡᠯ ᠤᠨ ᠬᠤᠷᠢᠶ᠎ᠠ ᠵᠡᠷᠭᠡ ᠬᠤᠣᠷ᠎ᠠ | ᠴᠠᠭᠠᠵᠠᠯᠠᠬᠤ ᠬᠠᠮᠲᠤᠷᠠᠯᠴᠠᠭᠠᠨ ᠤ ᠨᠢᠭᠡᠴᠡ ᠲᠠᠢ ᠬᠠᠮᠲᠤᠷᠠᠨ ᠲᠣᠭᠲᠠᠬᠤ ᠰᠢᠶᠠᠨ ᠤ ᠶᠦᠨ ᠵᠦᠩ ᠰᠣᠶᠣᠯ ᠤᠨ | ᠣᠷᠳᠣᠨ ᠤ ᠠᠭᠤᠳᠠᠮ ᠲᠠᠯᠠᠪᠠᠢ ᠳᠤ ︽6 · 26︾ ᠬᠤᠤᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠵᠦ᠂ ᠬᠤᠤᠷ ᠴᠠᠭᠠᠵᠠᠯᠠᠬᠤ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠶᠢᠭᠤᠯᠵᠤ᠂ ᠨᠡᠶᠢᠭᠡᠮ ᠤᠨ ᠡᠶ᠎ᠡ | ᠵᠣᠬᠢᠴᠠᠩᠭᠤᠢ ᠲᠣᠭᠲᠠᠭᠤᠨ ᠢ ᠬᠠᠮᠠᠭᠠᠯᠠᠪᠠ᠃ ᠠᠵᠢᠯᠯᠠᠭ᠎ᠠ ᠨᠢ ︽ᠡᠷᠡᠭᠦᠯ ᠴᠢᠭᠢᠷᠠᠭ ᠬᠥᠮᠥᠨ ᠤ ᠠᠮᠢᠳᠤᠷᠠᠯ᠂ | ᠪᠣᠬᠢᠷᠲᠤᠯ ᠦᠭᠡᠢ ᠬᠤᠣᠷ ᠦᠭᠡᠢ︾ ᠭᠡᠬᠦ ᠭᠤᠣᠯ ᠰᠡᠳᠦᠪ ᠢᠶᠠᠷ ᠶᠠᠪᠤᠭᠳᠠᠵᠠᠢ᠃ ᠠᠵᠢᠯᠯᠠᠭ᠎ᠠ ᠶᠢᠨ ᠲᠤᠬᠠᠢ ᠶᠢᠨ | ᠲᠠᠯᠠᠪᠤᠷ ᠲᠤ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠶᠢ ᠪᠠᠶᠢᠷᠢᠯᠠᠭᠤᠯᠬᠤ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠷᠠᠳᠢᠣ᠋ ᠨᠡᠪᠲᠡᠷᠡᠭᠦᠯᠭᠡ ᠬᠡᠷᠡᠭᠯᠡᠬᠦ ᠵᠡᠷᠭᠡ ᠣᠯᠠᠨ ᠵᠦᠢᠯ ᠤᠨ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠣᠯᠠᠨ ᠨᠡᠶᠢᠲᠡ ᠳᠤ ᠬᠤᠣᠷ ᠴᠠᠭᠠᠵᠠᠯᠠᠬᠤ ᠮᠡᠳᠡᠯᠭᠡ ᠶᠢ ᠲᠦᠭᠡᠮᠡᠯᠵᠢᠭᠦᠯᠪᠡ᠃ ᠪᠣᠳᠠᠲᠤ | ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠤᠣᠷᠲᠤ ᠡᠳ᠋ ᠤᠨ ᠲᠥᠷᠥᠯ ᠵᠦᠢᠯ᠂ ᠬᠤᠣᠷ ᠬᠥᠨᠥᠭᠡᠯ ᠵᠢᠴᠢ | ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠲᠠᠶᠢᠯᠪᠤᠷᠢᠯᠠᠵᠤ᠂ ᠬᠤᠣᠷᠲᠤ ᠡᠳ᠋ ᠤᠨ ᠬᠤᠪᠢ ᠬᠥᠮᠥᠨ᠂ | ᠭᠡᠷ ᠪᠦᠯᠢ ᠪᠠ ᠨᠡᠶᠢᠭᠡᠮ ᠳᠤ ᠦᠵᠡᠭᠦᠯᠬᠦ ᠡᠪᠳᠡᠯᠡᠭᠡ ᠶᠢᠨ ᠴᠢᠨᠠᠷ ᠢ ᠣᠯᠠᠨ ᠨᠡᠶᠢᠲᠡ ᠳᠤ ᠭᠦᠨᠵᠡᠭᠡᠢ ᠣᠶᠢᠯᠠᠭᠠᠭᠤᠯᠪᠠ᠃ | ᠬᠤᠣᠷᠲᠤ ᠡᠳ᠋ ᠢ ᠴᠠᠭᠠᠵᠠᠯᠠᠬᠤ ᠠᠷᠠᠳ ᠤᠨ ᠴᠠᠭᠳᠠᠭ᠎ᠠ ᠲᠤᠰᠬᠠᠢ ᠮᠡᠷᠭᠡᠵᠢᠯ ᠤᠨ ᠬᠠᠷᠠᠭᠠᠰᠤ ᠪᠠᠷ ᠬᠤᠣᠷᠲᠤ | ᠡᠳ᠋ ᠤᠨ ᠬᠤᠣᠷ ᠬᠥᠨᠥᠭᠡᠯ ᠢ ᠣᠯᠠᠨ ᠳᠤ ᠭᠦᠨᠵᠡᠭᠡᠢ ᠵᠠᠳᠠᠯᠤᠨ ᠰᠢᠨᠵᠢᠯᠡᠪᠡ᠃ ᠨᠢᠭᠡ ᠲᠠᠯ᠎ᠠ ᠪᠠᠷ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠵᠤ᠂ ᠬᠤᠣᠷᠲᠤ ᠡᠳ᠋ ᠤᠨ ᠬᠢᠮᠢ ᠶᠢᠨ ᠪᠦᠲᠦᠴᠡ ᠵᠢᠴᠢ ᠰᠢᠨᠤᠯ ᠲᠠᠢ ᠪᠣᠯᠭᠠᠬᠤ ᠤᠭ ᠶᠣᠰᠣ ᠶᠢ | ᠲᠠᠶᠢᠯᠪᠦᠷᠢᠯᠠᠪᠠ︔ ᠨᠥᠭᠦᠭᠡ ᠲᠠᠯ᠎ᠠ ᠪᠠᠷ 10 ᠭᠠᠷᠤᠢ ᠵᠦᠢᠯ ᠤᠨ ᠳᠠᠭᠤᠷᠢᠶᠠᠮᠠᠯ ᠬᠤᠣᠷᠲᠤ ᠡᠳ᠋ ᠤᠨ ᠵᠠᠭᠪᠤᠷ ᠢᠶᠠᠷ | ᠳᠠᠮᠵᠢᠭᠤᠯᠤᠨ᠂ ᠣᠯᠠᠨ ᠲᠦᠮᠡᠨ ᠳᠤ ᠮᠥᠰᠥᠮᠥᠯᠵᠢᠨ ᠬᠤᠣᠷ᠂ ᠾᠧᠷᠣᠶ᠋ᠢᠨ᠂ ᠺᠠᠢ ᠰᠢᠨ ᠱᠦᠢ᠂ ᠮᠠ ᠬᠥ᠋᠂ | ᠲᠣᠯᠣᠭᠠᠢ ᠰᠠᠵᠢᠯᠠᠭᠤᠯᠬᠤ ᠦᠷᠢᠯ ᠵᠡᠷᠭᠡ ᠠᠳᠠᠯᠢ ᠪᠤᠰᠤ ᠲᠥᠷᠥᠯ ᠤᠨ ᠬᠤᠣᠷᠲᠤ ᠡᠳ᠋ ᠢ ᠬᠡᠷᠬᠢᠨ ᠢᠯᠭᠠᠨ | ᠲᠠᠨᠢᠬᠤ ᠶᠢ ᠰᠤᠷᠭᠠᠪᠠ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠲᠣᠭᠲᠠᠬᠤ ᠰᠢᠶᠠᠨ ᠤ ᠰᠠᠭᠤᠭᠠᠯᠢ ᠠᠷᠠᠳ ᠤᠨ | ᠬᠤᠣᠷ ᠴᠠᠭᠠᠵᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ | ᠪᠣᠶᠢᠵᠢᠬᠤ ᠶᠢ ᠨᠡᠶᠢᠭᠡᠮ ᠨᠡᠶᠢᠲᠡ ᠪᠠᠷ ᠢᠶᠠᠨ ᠠᠩᠬᠠᠷᠬᠤ ᠶᠠᠪᠤᠳᠠᠯ ᠢ ᠤᠯᠠᠮ ᠨᠢᠭᠡ ᠠᠯᠬᠤᠮ ᠴᠢᠩᠭᠠᠳᠬᠠᠵᠠᠢ᠃ | ᠠᠵᠢᠯᠯᠠᠭ᠎ᠠ ᠳᠤ ᠣᠷᠣᠯᠴᠠᠭᠰᠠᠨ ᠬᠥᠮᠥᠨ ᠤ ᠲᠤᠭ᠎ᠠ ᠨᠡᠶᠢᠲᠡ 1000 ᠭᠠᠷᠤᠢ ᠪᠣᠯᠵᠤ᠂ ᠤᠬᠠᠭᠤᠯᠭ᠎ᠠ ᠶᠢᠨ | ᠮᠠᠲ᠋ᠧᠷᠢᠶᠠᠯ ᠢ 2000 ᠭᠠᠷᠤᠢ ᠬᠤᠪᠢ ᠲᠠᠷᠬᠠᠭᠠᠵᠠᠢ᠃ ᠲᠤᠭᠳᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠡᠯ᠎ᠡ ᠰᠠᠯᠠᠭ᠎ᠠ ᠮᠥᠴᠢᠷ ᠲᠠᠢ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠤᠣᠷᠲᠤ ᠡᠳ᠋ ᠢ | ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠲᠠ ᠶᠢᠨ ᠠᠷᠠᠳ ᠤᠨ ᠬᠤᠣᠷᠲᠤ | ᠡᠳ᠋ ᠤᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠡᠳᠡᠨ ᠤ ᠬᠤᠣᠷᠲᠤ ᠡᠳ᠋ ᠠᠴᠠ | ᠬᠤᠯᠠᠳᠠᠬᠤ᠂ ᠬᠤᠣᠷᠲᠤ ᠡᠳ᠋ ᠢ ᠬᠤᠷᠢᠭᠯᠠᠬᠤ ᠴᠢᠳᠠᠪᠤᠷᠢ ᠶᠢ ᠨᠡᠮᠡᠭᠳᠡᠭᠦᠯᠵᠦ᠂ ᠬᠠᠷᠢᠶ᠎ᠠ ᠣᠷᠣᠨ ᠤ ᠪᠠᠨ ᠲᠣᠭᠲᠠᠭᠤᠨ | ᠂ ᠠᠮᠤᠷ ᠲᠦᠪᠰᠢᠨ ᠢ ᠪᠠᠲᠤᠯᠠᠬᠤ᠂ ᠬᠤᠣᠷ ᠦᠭᠡᠢ ᠠᠮᠤᠷ ᠠᠮᠤᠭᠤᠯᠠᠩ ᠨᠡᠶᠢᠭᠡᠮ ᠲᠣᠭᠤᠷᠢᠭ ᠢ ᠪᠠᠶᠢᠭᠤᠯᠬᠤ ᠳᠤ | ᠪᠠᠲᠤ ᠪᠠᠬᠢ ᠰᠠᠭᠤᠷᠢ ᠲᠠᠯᠪᠢᠵᠤ ᠦᠭᠪᠡ᠃ ᠡᠭᠦᠨ ᠤ ᠵᠡᠷᠭᠡ ᠳᠤ ᠥᠷᠭᠡᠨ ᠣᠯᠠᠨ ᠬᠤᠲᠠ ᠶᠢᠨ ᠠᠷᠠᠳ ᠢ ᠬᠤᠣᠷᠲᠤ | ᠡᠳ᠋ ᠢ ᠴᠠᠭᠠᠵᠠᠯᠠᠬᠤ ᠠᠵᠢᠯ ᠳᠤ ᠢᠳᠡᠪᠬᠢᠲᠡᠢ ᠪᠠᠷ ᠣᠷᠣᠯᠴᠠᠵᠤ᠂ ᠠᠮᠤᠷ ᠲᠦᠪᠰᠢᠨ᠂ ᠡᠷᠡᠭᠦᠯ ᠡᠩᠬᠡ᠂ ᠡᠶ᠎ᠡ | ᠵᠣᠬᠢᠴᠠᠯ ᠲᠠᠢ ᠨᠡᠶᠢᠭᠡᠮ ᠤᠨ ᠣᠷᠴᠢᠨ ᠨᠥᠬᠦᠴᠡᠯ ᠢ ᠬᠠᠮᠲᠤ ᠪᠠᠷ ᠪᠤᠶ ᠪᠣᠯᠭᠠᠬᠤ ᠶᠢ ᠬᠦᠰᠡᠨ ᠱᠠᠭᠠᠷᠳᠠᠵᠤ ᠪᠠᠶᠢᠨ᠎ᠠ᠃ | | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ |