︽ᠡᠨᠡ ᠵᠢᠯ ᠠᠴᠠ ᠨᠠᠰᠢ᠂ ᠭᠡᠷ ᠪᠠᠶᠢᠰᠢᠩ ᠭᠠᠵᠠᠷ ᠬᠥᠷᠥᠩᠭᠡ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢ ᠲᠦᠷᠭᠡᠪᠴᠢᠯᠡᠨ ᠨᠠᠶᠢᠳᠠᠪᠤᠷᠢᠵᠢᠭᠤᠯᠬᠤ ᠶᠢ ᠳᠠᠭᠠᠯᠳᠤᠨ᠂ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠦᠷᠭᠦᠯᠵᠢᠯᠡᠨ ᠪᠠᠭᠤᠷᠠᠯᠳᠠ ᠵᠣᠭᠰᠣᠵᠤ ᠳᠠᠬᠢᠨ ᠲᠣᠭᠲᠠᠪᠤᠷᠢᠵᠢᠬᠤ ᠴᠢᠭᠯᠡᠯ ᠢᠶᠠᠷ | ᠤᠷᠤᠭᠰᠢᠯᠠᠪᠠ︾᠃ ᠣᠶᠢᠷ᠎ᠠ ᠳᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠣᠨᠢᠨ ᠮᠡᠳᠡᠭᠡᠨ ᠤ | ᠥᠭᠦᠯᠡᠭᠴᠢ᠂ ᠤᠯᠤᠰ ᠠᠷᠠᠳ ᠤᠨ ᠠᠵᠤ ᠠᠬᠤᠢ ᠶᠢᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠵᠤᠷᠭᠠᠨ ᠤ | ᠬᠠᠮᠢᠶ᠎ᠠ ᠪᠦᠬᠦᠢ ᠬᠠᠷᠢᠭᠤᠴᠠᠯᠭᠠᠲᠠᠨ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠬᠤᠷᠠᠯ ᠲᠡᠭᠡᠷ᠎ᠡ | ᠢᠯᠡᠷᠬᠡᠶᠢᠯᠡᠬᠦ ᠳᠡᠭᠡᠨ᠂ 5 ᠳ᠋ᠤᠭᠠᠷ ᠰᠠᠷ᠎ᠠ ᠶᠢᠨ ᠪᠠᠶᠢᠳᠠᠯ ᠠᠴᠠ ᠦᠵᠡᠪᠡᠯ᠂ ᠭᠡᠷ ᠪᠠᠶᠢᠰᠢᠩ ᠭᠠᠵᠠᠷ ᠬᠥᠷᠥᠩᠭᠡ ᠶᠢᠨ | ᠵᠠᠬ᠎ᠠ ᠳᠡᠯᠭᠡᠭᠦᠷ ᠤᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ 70 ᠲᠣᠮᠣ ᠳᠤᠮᠳᠠ ᠬᠤᠳᠠ ᠶᠢᠨ | ᠭᠡᠷ ᠪᠠᠶᠢᠰᠢᠩ ᠤᠨ ᠦᠨ᠎ᠡ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠬᠡᠮᠵᠢᠶ᠎ᠡ ᠦᠷᠭᠦᠯᠵᠢᠯᠡᠨ ᠪᠠᠭᠠᠰᠴᠤ᠂ | ᠲᠠᠸᠠᠷ ᠤᠨ ᠭᠡᠷ ᠪᠠᠶᠢᠰᠢᠩ ᠤᠨ ᠬᠠᠳᠠᠭᠠᠯᠠᠯᠲᠠ ᠦᠷᠭᠦᠯᠵᠢᠯᠡᠨ ᠪᠠᠭᠠᠰᠪᠠ ᠭᠡᠵᠡᠢ᠃ | ᠪᠣᠳᠠᠲᠠᠢ ᠪᠠᠷ ᠬᠡᠯᠡᠪᠡᠯ᠂ ᠭᠡᠷ ᠪᠠᠶᠢᠰᠢᠩ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢᠨ ᠦᠢᠯᠡᠳᠦᠯ ᠳᠣᠣᠷ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠣᠷᠤᠯᠠᠭᠤᠯᠭ᠎ᠠ | ᠦᠨᠳᠦᠰᠦᠨ ᠳᠡᠭᠡᠨ ᠲᠣᠭᠲᠠᠭᠤᠨ ᠪᠠᠶᠢᠨ᠎ᠠ᠃ 1 — 5 ᠳ᠋ᠤᠭᠠᠷ ᠰᠠᠷ᠎ᠠ ᠳᠤ᠂ ᠰᠢᠨ᠎ᠡ ᠪᠠᠷ ᠪᠠᠶᠢᠭᠤᠯᠤᠭᠰᠠᠨ | ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ ᠪᠠ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ ᠲᠣᠰ ᠲᠣᠰ 2.9% ᠪᠠ 3.8% ᠪᠠᠷ ᠪᠠᠭᠤᠷᠠᠵᠤ᠂ 1 — 4 ᠳ᠋ᠤᠭᠡᠷ ᠰᠠᠷ᠎ᠠ ᠶᠢᠨ | ᠬᠢ ᠲᠠᠢ ᠦᠨᠳᠦᠰᠦᠨ ᠳᠡᠭᠡᠨ ᠠᠳᠠᠯᠢ᠃ ᠬᠡᠰᠡᠭ ᠨᠢᠭᠡᠳᠦᠭᠡᠷ ᠲᠡᠰ᠂ ᠬᠤᠶᠠᠳᠤᠭᠠᠷ ᠲᠡᠰ ᠤᠨ ᠬᠤᠳᠠ ᠶᠢᠨ ᠵᠠᠬ᠎ᠠ | ᠳᠡᠯᠭᠡᠭᠦᠷ ᠤᠨ ᠠᠷᠠᠯᠵᠢᠶ᠎ᠠ ᠨᠡᠯᠢᠶᠡᠳ ᠬᠥᠭᠵᠢᠶᠡᠨ ᠲᠠᠢ ᠶᠠᠪᠤᠭᠳᠠᠵᠤ᠂ ᠲᠠᠸᠠᠷ ᠤᠨ ᠭᠡᠷ ᠪᠠᠶᠢᠰᠢᠩ ᠤᠨ | ᠪᠣᠷᠣᠯᠠᠭᠤᠯᠤᠯᠲᠠ ᠶᠢᠨ ᠲᠠᠯᠠᠪᠠᠢ ᠪᠠ ᠪᠣᠷᠣᠯᠠᠭᠤᠯᠤᠯᠲᠠ ᠶᠢᠨ ᠬᠡᠮᠵᠢᠶ᠎ᠡ ᠶᠢᠨ ᠨᠡᠮᠡᠭᠳᠡᠯ ᠢ ᠪᠠᠳᠤᠯᠠᠪᠠ᠃ ᠲᠠᠸᠠᠷ ᠤᠨ ᠭᠡᠷ | ᠪᠠᠶᠢᠰᠢᠩ ᠤᠨ ᠬᠠᠳᠠᠭᠠᠯᠠᠯᠲᠠ ᠡᠳᠦᠢ ᠲᠡᠳᠦᠢ ᠪᠠᠭᠤᠷᠠᠵᠤ᠂ 5 ᠳ᠋ᠤᠭᠠᠷ ᠰᠠᠷ᠎ᠠ ᠶᠢᠨ ᠰᠡᠭᠦᠯᠴᠢ ᠪᠠᠷ ᠲᠠᠸᠠᠷ ᠤᠨ ᠭᠡᠷ | ᠪᠠᠶᠢᠰᠢᠩ ᠤᠨ ᠪᠤᠷᠤᠯᠠᠭᠤᠯᠤᠭᠰᠠᠨ ᠲᠠᠯᠠᠪᠠᠢ 4 ᠳ᠋ᠤᠭᠡᠷ ᠰᠠᠷ᠎ᠠ ᠶᠢᠨ ᠰᠡᠭᠦᠯᠴᠢ ᠶᠢᠨ ᠬᠢ ᠠᠴᠠ 715 ᠲᠦᠮᠡᠨ ᠲᠡᠭᠰᠢ | ᠳᠥᠷᠪᠡᠯᠵᠢᠨ ᠮᠧᠲᠷ ᠬᠠᠰᠤᠭᠳᠠᠵᠤ᠂ ᠭᠤᠷᠪᠠᠨ ᠰᠠᠷ᠎ᠠ ᠳᠠᠷᠠᠭᠠᠯᠠᠨ ᠪᠠᠭᠠᠰᠪᠠ᠃ | 5 ᠳ᠋ᠤᠭᠠᠷ ᠰᠠᠷ᠎ᠠ ᠳᠤ ᠭᠡᠷ ᠪᠠᠶᠢᠰᠢᠩ ᠬᠤᠳᠠᠯᠳᠤᠨ ᠠᠪᠬᠤ ᠬᠠᠯᠠᠭᠤᠷᠠᠯ ᠤᠨ ᠬᠡᠮᠵᠢᠶ᠎ᠡ ᠲᠦᠷᠦᠭᠦᠸ ᠰᠠᠷ᠎ᠠ ᠶᠢᠨ | ᠬᠢ ᠠᠴᠠ ᠪᠠᠨ 0.14 ᠴᠡᠭ ᠳᠡᠭᠡᠭᠰᠢᠯᠡᠬᠦ ᠶᠢᠨ ᠵᠡᠷᠭᠡ ᠳᠤ᠂ ᠲᠠᠷᠬᠠᠯᠲᠠ ᠶᠢᠨ ᠵᠢᠭᠠᠯᠲᠠ ᠲᠤᠭ᠎ᠠ ᠨᠢ 0.5 | ᠪᠠᠶᠢᠭᠰᠠᠨ ᠠᠴᠠ ᠪᠠᠨ 0.38 ᠪᠣᠯᠵᠤ ᠪᠠᠭᠤᠷᠠᠪᠠ ᠭᠡᠵᠦ 58 ᠠᠨ ᠵᠢᠦᠢ ᠺᠧ ᠰᠤᠳᠤᠯᠭᠠᠨ ᠤ ᠵᠢᠭᠠᠯᠲᠠ ᠲᠤᠭ᠎ᠠ | ᠪᠠᠷᠢᠮᠳᠠ ᠠᠴᠠ ᠤᠶᠢᠯᠠᠭᠠᠵᠤ ᠪᠤᠯᠤᠨ᠎ᠠ᠃ | ᠭᠡᠪᠡᠴᠦ ᠦᠨ᠎ᠡ ᠬᠠᠩᠰᠢ ᠶᠢᠨ ᠲᠠᠯ᠎ᠠ ᠠᠴᠠ ᠠᠪᠴᠤ ᠦᠵᠡᠪᠡᠯ᠂ ᠬᠡᠳᠦᠶᠢᠪᠡᠷ ᠰᠢᠨ᠎ᠡ ᠪᠠᠷ ᠪᠠᠶᠢᠭᠤᠯᠤᠭᠰᠠᠨ | ᠲᠠᠸᠠᠷ ᠤᠨ ᠣᠷᠣᠨ ᠰᠠᠭᠤᠴᠠ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠬᠡᠮᠵᠢᠶ᠎ᠡ ᠮᠥᠨ ᠬᠦ | ᠦᠷᠭᠦᠯᠵᠢᠯᠡᠨ ᠪᠠᠭᠠᠰᠴᠤ ᠪᠠᠶᠢᠭ᠎ᠠ ᠪᠣᠯᠪᠠᠴᠤ ᠲᠦᠷᠦᠭᠦᠸ ᠰᠠᠷ᠎ᠠ ᠶᠢᠨ ᠬᠢ ᠲᠠᠢ ᠬᠠᠷᠢᠴᠠᠭᠤᠯᠪᠠᠯ᠂ | ᠪᠣᠷᠣᠯᠠᠭᠤᠯᠤᠯᠲᠠ ᠶᠢᠨ ᠦᠨ᠎ᠡ ᠶᠢᠨ ᠪᠠᠭᠤᠷᠠᠯᠲᠠ ᠨᠢ ᠶᠡᠬᠡᠳᠬᠦ ᠬᠠᠨᠳᠤᠰᠢ ᠲᠠᠢ ᠪᠠᠶᠢᠨ᠎ᠠ᠃ ᠱᠠᠩᠬᠠᠢ ᠶᠢᠨ ᠢ ᠵᠢᠦᠢ | ᠭᠡᠷ ᠪᠠᠶᠢᠰᠢᠩ ᠭᠠᠵᠠᠷ ᠬᠥᠷᠥᠩᠭᠡ ᠶᠢᠨ ᠰᠤᠳᠤᠯᠭᠠᠨ ᠤ ᠬᠦᠷᠢᠶᠡᠯᠡᠩ ᠤᠨ ᠲᠤᠭ᠎ᠠ ᠪᠠᠷᠢᠮᠲᠠ ᠶᠢ ᠦᠨᠳᠦᠰᠦᠯᠡᠪᠡᠯ᠂ 5 | ᠳ᠋ᠤᠭᠠᠷ ᠰᠠᠷ᠎ᠠ ᠳᠤ ᠪᠥᠬᠦ ᠤᠯᠤᠰ ᠤᠨ 70 ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ | ᠰᠠᠭᠤᠴᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠪᠠᠭᠤᠷᠠᠭᠰᠠᠨ ᠬᠡᠮᠵᠢᠶ᠎ᠡ ᠨᠢ 0.1% | ᠪᠠᠶᠢᠭᠰᠠᠨ ᠠᠴᠠ ᠪᠠᠨ 0.2% ᠪᠣᠯᠵᠤ ᠨᠡᠮᠡᠭᠳᠡᠵᠡᠢ᠂ ᠡᠭᠦᠨ ᠠᠴᠠ ᠭᠠᠳᠠᠨ᠎ᠠ᠂ ᠪᠥᠬᠦ ᠤᠯᠤᠰ ᠤᠨ 70 | ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠦᠨ᠎ᠡ ᠶᠢᠨ ᠪᠠᠭᠤᠷᠠᠭᠰᠠᠨ ᠬᠡᠮᠵᠢᠶ᠎ᠡ ᠴᠦ ᠡᠳᠦᠢ ᠲᠡᠳᠦᠢ | ᠨᠡᠮᠡᠭᠳᠡᠵᠦ᠂ ᠮᠥᠨ ᠬᠦ ︽ᠦᠨ᠎ᠡ ᠪᠠᠷ ᠬᠡᠮᠵᠢᠶ᠎ᠡ ᠶᠢ ᠰᠣᠯᠢᠬᠤ︾ ᠱᠠᠲᠤᠨ ᠳᠤ ᠣᠷᠣᠰᠢᠵᠤ ᠪᠠᠶᠢᠨ᠎ᠠ᠃ | ᠱᠠᠩᠬᠠᠢ ᠶᠢᠨ ᠢ ᠵᠢᠦᠢ ᠭᠡᠷ ᠪᠠᠶᠢᠰᠢᠩ ᠭᠠᠵᠠᠷ ᠬᠥᠷᠥᠩᠭᠡ ᠶᠢᠨ ᠰᠤᠳᠤᠯᠭᠠᠨ ᠤ ᠬᠦᠷᠢᠶᠡᠯᠡᠩ ᠤᠨ ᠳᠡᠳ᠋ | ᠳᠠᠷᠤᠭ᠎ᠠ ᠶᠠᠨ ᠶᠦᠸᠧ ᠶᠢᠨ ᠢᠯᠡᠷᠬᠡᠶᠢᠯᠡᠬᠦ ᠳᠡᠭᠡᠨ᠂ ᠣᠳᠣᠬᠠᠨ ᠤ ᠪᠠᠭᠤᠷᠠᠯᠲᠠ ᠶᠢᠨ ᠬᠡᠮᠵᠢᠶ᠎ᠡ ᠨᠢ ᠨᠢᠳᠤᠨᠤᠨ ᠤ | ᠬᠢ ᠲᠠᠢ ᠬᠠᠷᠢᠴᠠᠭᠤᠯᠪᠠᠯ᠂ ᠢᠯᠠᠩᠭᠤᠶ᠎ᠠ ᠨᠢᠳᠤᠨᠤᠨ ᠤ ᠲᠦᠷᠦᠭᠦᠸ ᠭᠤᠷᠪᠠᠨ ᠤᠯᠠᠷᠢᠯ ᠤᠨ ᠬᠢ ᠲᠠᠢ ᠬᠠᠷᠢᠴᠠᠭᠤᠯᠪᠠᠯ | ᠮᠥᠨ ᠬᠦ ᠡᠵᠡᠮᠳᠡᠵᠦ ᠪᠣᠯᠣᠨ᠎ᠠ᠂ ᠡᠨᠡ ᠨᠢ ᠮᠥᠨ ᠴᠦ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ | ᠬᠡᠮᠵᠢᠶ᠎ᠡ ᠶᠢᠨ ᠭᠦᠢᠴᠡᠳᠬᠡᠯ ᠲᠤᠭ᠎ᠠ ᠶᠢ ᠦᠷᠭᠦᠯᠵᠢᠯᠡᠨ ᠰᠠᠶᠢᠵᠢᠷᠠᠭᠤᠯᠬᠤ ᠣᠷᠣᠨ ᠵᠠᠢ ᠲᠠᠢ ᠪᠣᠯᠭᠠᠵᠠᠢ᠃ ᠭᠡᠪᠡᠴᠦ | ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠭᠦᠨ ᠠᠴᠠ ᠡᠮᠦᠨᠡᠬᠢ ᠦᠷᠭᠦᠯᠵᠢᠯᠡᠨ | ᠲᠣᠭᠲᠠᠪᠤᠷᠢᠵᠢᠬᠤ ᠪᠠᠶᠢᠳᠠᠯ ᠨᠢ ᠵᠠᠷᠢᠮ ᠰᠢᠨ᠎ᠡ ᠬᠠᠷᠰᠢ ᠰᠠᠭᠠᠳ ᠲᠤ ᠤᠴᠠᠷᠠᠵᠤ ᠪᠠᠶᠢᠨ᠎ᠠ᠂ ᠡᠯ᠎ᠡ ᠭᠠᠵᠠᠷ ᠤᠨ ᠬᠢᠨ | ᠳᠠᠯᠳᠠ ᠬᠡᠷᠡᠭᠴᠡᠭᠡ ᠪᠠᠨ ᠦᠷᠭᠦᠯᠵᠢᠯᠡᠨ ᠠᠭᠤᠳᠠᠯᠵᠤ᠂ ᠠᠷᠠᠯᠵᠢᠶᠠᠨ ᠤ ᠲᠤᠭ᠎ᠠ ᠪᠠᠷᠢᠮᠲᠠ ᠶᠢᠨ ᠰᠠᠶᠢᠵᠢᠷᠠᠯᠲᠠ ᠲᠠᠢ | ᠪᠣᠯᠬᠤ ᠶᠢ ᠠᠬᠢᠭᠤᠯᠬᠤ ᠬᠡᠷᠡᠭᠲᠡᠢ ᠭᠡᠵᠡᠢ᠃ | 58 ᠠᠨ ᠵᠢᠦᠢ ᠺᠧ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠵᠠᠩ ᠪᠥᠸᠧ ᠢᠯᠡᠷᠬᠡᠶᠢᠯᠡᠬᠦ ᠳᠡᠭᠡᠨ᠂ 5 | ᠳ᠋ᠤᠭᠠᠷ ᠰᠠᠷ᠎ᠠ ᠳᠤ ᠭᠡᠷ ᠪᠠᠶᠢᠰᠢᠩ ᠤᠨ ᠦᠨ᠎ᠡ ᠳᠤ ᠬᠡᠳᠦᠶᠢᠪᠡᠷ ᠣᠬᠤᠷ ᠬᠤᠭᠤᠴᠠᠭᠠᠨ ᠤ ᠬᠡᠯᠪᠡᠯᠵᠡᠯ ᠭᠠᠷᠤᠭᠰᠠᠨ | ᠪᠣᠯᠪᠠᠴᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ︽ᠪᠠᠭᠤᠷᠠᠬᠤ ᠶᠢ ᠵᠤᠭᠰᠤᠭᠠᠵᠤ ᠳᠠᠬᠢᠨ | ᠲᠤᠭᠳᠠᠪᠦᠷᠢᠵᠢᠭᠤᠯᠬᠤ︾ ᠪᠦᠬᠦᠯᠢ ᠴᠣᠭᠴᠠ ᠶᠢᠨ ᠪᠠᠶᠢᠳᠠᠯ ᠬᠤᠪᠢᠷᠠᠭᠰᠠᠨ ᠦᠭᠡᠢ᠃ 6 ᠳ᠋ᠤᠭᠠᠷ ᠰᠠᠷ᠎ᠠ ᠳᠤ | ᠬᠤᠷᠠᠯᠳᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠠᠴᠠ ︽ᠭᠡᠷ ᠪᠠᠶᠢᠰᠢᠩ | ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠳᠠᠬᠢᠨ ᠲᠣᠭᠲᠠᠪᠤᠷᠢᠵᠢᠭᠤᠯᠬᠤ ᠶᠢ ᠨᠡᠩ | ᠬᠦᠴᠦᠲᠡᠢ ᠠᠬᠢᠭᠤᠯᠬᠤ ᠬᠡᠷᠡᠭᠲᠡᠢ︾ ᠭᠡᠰᠡᠨ ᠲᠥᠷᠥ ᠶᠢᠨ ᠪᠣᠳᠣᠯᠭ᠎ᠠ ᠶᠢᠨ ᠴᠢᠩᠭ᠎ᠠ ᠳᠣᠬᠢᠶ᠎ᠠ ᠭᠠᠷᠭᠠᠵᠤ᠂ | ᠵᠠᠰᠠᠭ ᠤᠨ ᠣᠷᠳᠣᠨ ᠤ ᠭᠡᠷ ᠪᠠᠶᠢᠰᠢᠩ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠡᠷᠡᠰ ᠵᠤᠷᠢᠭ ᠢ | ᠢᠯᠡᠷᠡᠭᠦᠯᠵᠡᠢ᠃ | ᠵᠠᠩ ᠪᠥᠸᠧ ᠢᠯᠡᠷᠬᠡᠶᠢᠯᠡᠬᠦ ᠳᠡᠭᠡᠨ᠂ ᠲᠠᠷᠠᠭᠠᠴᠢ ᠪᠠᠷ ᠡᠯ᠎ᠡ ᠲᠡᠰ ᠤᠨ ᠬᠤᠲᠠ ᠨᠤᠭᠤᠳ ᠬᠠᠩᠭᠠᠯᠭ᠎ᠠ | ᠬᠡᠷᠡᠭᠴᠡᠭᠡ ᠶᠢ ᠬᠤᠣᠰ ᠴᠢᠭᠯᠡᠯ ᠢᠶᠠᠷ ᠲᠣᠬᠢᠷᠠᠭᠤᠯᠬᠤ᠂ ᠪᠡᠯᠡ ᠮᠥᠩᠭᠦᠨ ᠤ ᠳᠡᠮᠵᠢᠯᠭᠡ ᠶᠢ ᠴᠢᠩᠭᠠᠳᠬᠠᠬᠤ᠂ ᠵᠠᠬ᠎ᠠ | ᠳᠡᠯᠭᠡᠭᠦᠷ ᠤᠨ ᠪᠦᠲᠦᠴᠡ ᠶᠢ ᠰᠢᠯᠢᠳᠡᠭᠵᠢᠭᠦᠯᠬᠦ ᠵᠡᠷᠭᠡ ᠣᠯᠠᠨ ᠲᠠᠯ᠎ᠠ ᠠᠴᠠ ᠲᠥᠷᠥ ᠶᠢᠨ ᠪᠣᠳᠣᠯᠭ᠎ᠠ ᠶᠢᠨ ᠬᠠᠮ | ᠠᠷᠭ᠎ᠠ ᠬᠡᠮᠵᠢᠶ᠎ᠡ ᠠᠪᠴᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠪᠤᠷᠢᠵᠢᠨ | ᠰᠠᠶᠢᠵᠢᠷᠠᠬᠤ ᠶᠢ ᠦᠷᠭᠦᠯᠵᠢᠯᠡᠨ ᠠᠬᠢᠭᠤᠯᠤᠨ᠎ᠠ᠃ ᠪᠣᠳᠠᠲᠠᠢ ᠪᠠᠷ ᠬᠡᠯᠡᠪᠡᠯ᠂ ᠬᠠᠩᠭᠠᠯᠭ᠎ᠠ ᠬᠡᠷᠡᠭᠴᠡᠭᠡᠨ ᠤ ᠬᠤᠶᠠᠷ | ᠲᠠᠯ᠎ᠠ ᠳᠤ ᠭᠡᠷ ᠪᠠᠶᠢᠰᠢᠩ ᠬᠤᠳᠠᠯᠳᠤᠨ ᠠᠪᠬᠤ ᠪᠠᠷᠢᠮᠵᠢᠶ᠎ᠠ ᠶᠢ ᠤᠯᠠᠮ ᠨᠢᠭᠡ ᠠᠯᠬᠤᠮ ᠪᠠᠭᠤᠷᠠᠭᠤᠯᠵᠤ᠂ | ᠰᠠᠶᠢᠵᠢᠷᠠᠭᠤᠯᠬᠤ ᠬᠡᠯᠪᠡᠷᠢ ᠶᠢᠨ ᠬᠡᠷᠡᠭᠴᠡᠭᠡ ᠱᠠᠭᠠᠷᠳᠠᠯᠭ᠎ᠠ ᠶᠢ ᠰᠤᠯᠠᠷᠠᠭᠤᠯᠤᠨ᠎ᠠ᠂ ᠪᠡᠯᠡ ᠮᠥᠩᠭᠦ ᠶᠢᠨ ᠲᠠᠯ᠎ᠠ ᠠᠴᠠ | ᠭᠡᠷ ᠪᠠᠶᠢᠰᠢᠩ ᠭᠠᠵᠠᠷ ᠬᠦᠷᠦᠩᠭᠡ ᠶᠢᠨ ᠠᠵᠤ ᠠᠬᠤᠶᠢᠯᠠᠯ ᠪᠠ ᠭᠡᠷ ᠪᠠᠶᠢᠰᠢᠩ ᠬᠤᠳᠠᠯᠳᠤᠨ ᠠᠪᠤᠭᠴᠢ ᠳᠤ | ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠪᠣᠯᠣᠮᠵᠢ ᠲᠠᠢ ᠪᠠᠶᠢᠵᠤ᠂ ᠵᠠᠬ᠎ᠠ | ᠳᠡᠯᠭᠡᠭᠦᠷ ᠤᠨ ᠪᠦᠲᠦᠴᠡ ᠶᠢ ᠰᠢᠯᠢᠳᠡᠭᠵᠢᠭᠦᠯᠬᠦ ᠳᠤ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ᠂ | ᠬᠤᠲᠠ ᠶᠢᠨ ᠰᠢᠨᠡᠴᠢᠯᠡᠯᠲᠡ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠥᠬᠦ ᠲᠠᠯ᠎ᠠ ᠪᠠᠷ ᠳᠡᠮᠵᠢᠵᠦ | ᠮᠡᠳᠡᠨ᠎ᠡ ᠭᠡᠵᠦ ᠵᠢᠱᠢᠵᠦ ᠪᠠᠶᠢᠨ᠎ᠠ᠃ | ᠵᠦᠩ ᡁᠢ ᠰᠤᠳᠤᠯᠭᠠᠨ ᠤ ᠬᠦᠷᠢᠶᠡᠯᠡᠩ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠶᠡᠷᠦᠩᠬᠡᠢ | ᠬᠢᠨᠠᠭᠴᠢ ᠴᠧᠨ ᠸᠧᠨ ᠵᠢᠩ ᠢᠯᠡᠷᠬᠡᠶᠢᠯᠡᠬᠦ ᠳᠡᠭᠡᠨ᠂ 4 ᠳ᠋ᠤᠭᠡᠷ ᠰᠠᠷ᠎ᠠ ᠶᠢᠨ 25 ᠤ ᠡᠳᠦᠷ ᠬᠤᠷᠠᠯᠳᠤᠭᠰᠠᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯᠳᠤᠭᠠᠨ ᠠᠴᠠ ︽ᠭᠡᠷ ᠪᠠᠶᠢᠰᠢᠩ ᠭᠠᠵᠠᠷ ᠬᠥᠷᠥᠩᠭᠡ ᠶᠢᠨ | ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ︾ ᠭᠡᠵᠦ ᠴᠢᠬᠤᠯᠠᠴᠢᠯᠠᠭᠰᠠᠨ | ᠠᠴᠠ 6 ᠳ᠋ᠤᠭᠠᠷ ᠰᠠᠷ᠎ᠠ ᠶᠢᠨ 13 ᠤ ᠡᠳᠦᠷ ᠬᠤᠷᠠᠯᠳᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠠᠯᠳᠤᠭᠠᠨ ᠠᠴᠠ ︽ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ | ᠵᠣᠭᠰᠣᠭᠠᠵᠤ ᠳᠠᠬᠢᠨ ᠲᠣᠭᠲᠠᠪᠤᠷᠢᠵᠢᠭᠤᠯᠬᠤ ᠶᠢ ᠨᠠᠩ ᠶᠡᠭᠡ ᠡᠷᠴᠢᠮ ᠢᠶᠠᠷ ᠲᠦᠯᠬᠢᠨ ᠠᠬᠢᠭᠤᠯᠬᠤ ᠬᠡᠷᠡᠭᠲᠡᠢ︾ ᠭᠡᠵᠦ | ᠴᠢᠬᠤᠯᠠᠴᠢᠯᠠᠭᠰᠠᠨ ᠬᠦᠷᠲᠡᠯ᠎ᠡ᠂ ᠲᠥᠷᠥ ᠶᠢᠨ ᠪᠣᠳᠣᠯᠭ᠎ᠠ ᠶᠢᠨ ᠢᠯᠡᠳᠬᠡᠯᠲᠡ ᠶᠢᠨ ᠲᠠᠰ ᠳᠠᠪᠰᠢᠯᠲᠠ᠂ ︽ᠨᠠᠩ ᠶᠡᠭᠡ | ᠡᠷᠴᠢᠮ︾ ᠤᠨ ᠲᠣᠬᠢᠷᠠᠭᠤᠯᠤᠯᠲᠠ ᠨᠢ ᠬᠢᠨᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠣᠷᠣᠨ ᠨᠤᠲᠤᠭ ᠤᠨ | ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠲᠦᠷᠭᠡᠳᠬᠡᠵᠦ᠂ ᠨᠠᠷᠢᠯᠢᠭ ᠣᠨᠣᠴᠠᠲᠠᠢ ᠪᠠᠷ | ᠲᠥᠷᠥ ᠶᠢᠨ ᠪᠣᠳᠣᠯᠭ᠎ᠠ ᠬᠡᠷᠡᠭᠵᠢᠭᠦᠯᠬᠦ ᠪᠠᠷ ᠳᠠᠮᠵᠢᠭᠤᠯᠤᠨ᠂ ᠣᠯᠠᠨ ᠲᠠᠯ᠎ᠠ ᠶᠢᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠵᠢᠱᠢᠯᠲᠡ ᠪᠠᠷ ᠵᠠᠰᠠᠨ ᠰᠡᠷᠭᠦᠭᠡᠬᠦ ᠪᠠ ᠬᠠᠩᠭᠠᠯᠭ᠎ᠠ ᠬᠡᠷᠡᠭᠴᠡᠭᠡ ᠶᠢ | ᠲᠡᠩᠴᠡᠭᠦᠷᠢᠲᠡᠢ ᠪᠠᠶᠢᠯᠭᠠᠬᠤ ᠶᠢ ᠪᠡᠶᠡᠯᠡᠭᠦᠯᠬᠦ ᠪᠣᠯᠣᠨ᠎ᠠ ᠭᠡᠵᠦ ᠦᠵᠡᠵᠦ ᠪᠠᠶᠢᠨ᠎ᠠ᠃ | ᠲᠠᠷᠠᠭᠠᠴᠢ ᠶᠢᠨ ᠱᠠᠲᠤᠨ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠭᠡᠷ | ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠴᠢᠬᠤᠯᠠ | ᠶᠡᠭᠡ ᠬᠤᠪᠢᠷᠠᠯᠲᠠ ᠭᠠᠷᠤᠭᠰᠠᠨ ᠪᠣᠳᠠᠲᠤ ᠪᠠᠶᠢᠳᠠᠯ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠵᠣᠬᠢᠴᠠᠵᠤ | ᠂ ᠬᠤᠲᠠ ᠶᠢᠨ ᠰᠢᠨᠡᠴᠢᠯᠡᠯᠳᠡ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠤᠨ ᠥᠭᠡᠷᠡᠴᠢᠯᠡᠯᠲᠡ ᠶᠢ | ᠦᠷᠭᠦᠯᠵᠢᠯᠡᠨ ᠠᠬᠢᠭᠤᠯᠵᠤ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢᠨ ᠬᠠᠩᠭᠠᠯᠭ᠎ᠠ ᠶᠢᠨ | ᠡᠷᠴᠢᠮ ᠢ ᠴᠢᠩᠭᠠᠷᠠᠭᠤᠯᠤᠨ᠂ ᠵᠠᠶᠢᠯᠠᠰᠢ ᠦᠭᠡᠢ ᠪᠠ ᠰᠠᠶᠢᠵᠢᠷᠠᠯᠲᠠ ᠶᠢᠨ ᠴᠢᠨᠠᠷᠲᠠᠢ ᠣᠷᠣᠨ ᠰᠠᠭᠤᠴᠠ ᠶᠢᠨ | ᠬᠡᠷᠡᠭᠴᠡᠭᠡ ᠱᠠᠭᠠᠷᠳᠠᠯᠭ᠎ᠠ ᠶᠢ ᠰᠤᠯᠠᠷᠠᠭᠤᠯᠬᠤ ᠶᠢ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ | ᠬᠥᠭᠵᠢᠯᠲᠡ ᠶᠢᠨ ᠰᠢᠨ᠎ᠡ ᠵᠠᠭᠪᠤᠷ ᠢ ᠢᠳᠡᠪᠬᠢᠲᠡᠢ ᠪᠠᠶᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ ᠭᠡᠵᠦ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠢᠯᠡᠷᠬᠡᠶᠢᠯᠡᠪᠡ᠃ | ᠢᠷᠡᠯᠲᠡ᠄ ᠠᠵᠤ ᠠᠬᠤᠢ ᠶᠢᠨ ᠯᠠᠪᠯᠠᠯᠲᠠ ᠶᠢᠨ ᠰᠣᠨᠢᠨ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ | ᠰᠣᠨᠢᠨ |