ᠲᠣᠭᠲᠠᠬᠤ ᠰᠢᠶᠠᠨ ︽ᠬᠤᠪᠢᠰᠬᠠᠯ ᠤᠨ ᠰᠠᠭᠤᠷᠢᠨ ᠭᠠᠵᠠᠷ ᠤᠨ ᠬᠡᠦᠬᠡᠳ ᠤᠨ ᠰᠡᠳᠬᠢᠯ ᠢ ᠤᠮᠳᠠᠯᠠᠵᠤ ᠥᠰᠦᠨ ᠪᠤᠶᠢᠵᠢᠯᠲᠠ ᠶᠢ ᠬᠠᠮᠠᠭᠠᠯᠠᠶ᠎ᠠ︾ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠬᠤ ᠠᠵᠢᠯᠯᠠᠭ᠎ᠠ ᠦᠷᠨᠢᠭᠦᠯᠵᠡᠢ
ᠨᠡᠶᠢᠲᠡᠯᠡᠭᠰᠡᠨ ᠴᠠᠭ᠄
2025/6/28
      ᠶᠡᠷᠦᠩᠬᠡᠢ ᠱᠦᠵᠢ ᠰᠢ ᠶᠢᠨ ᠫᠢᠩ ᠤᠨ ᠬᠡᠦᠬᠡᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠡᠬᠡ ᠣᠷᠣᠨᠴᠢ ᠦᠵᠡᠯ ᠤᠨ ᠬᠥᠮᠦᠵᠢᠯ ᠪᠠ ᠬᠤᠪᠢᠰᠬᠠᠯᠳᠦ ᠰᠣᠶᠣᠯ ᠤᠨ ᠤᠯᠠᠮᠵᠢᠯᠠᠯ ᠢ ᠴᠢᠩᠭᠠᠳᠬᠠᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 26 ᠤ ᠡᠳᠦᠷ᠂ ᠲᠣᠭᠲᠠᠬᠤ ᠰᠢᠶᠠᠨ ᠤ ᠣᠯᠠᠨ ᠨᠢᠭᠡᠴᠡ ᠬᠠᠮᠲᠤ ᠪᠠᠷ ᠤᠮᠠᠷᠠᠲᠤ ᠬᠢᠯᠢ ᠶᠢᠨ ᠰᠣᠶᠣᠯ ᠤᠨ ᠬᠤᠩᠭᠢᠯ ᠳᠤ ︽ᠬᠤᠪᠢᠰᠬᠠᠯ ᠤᠨ ᠰᠠᠭᠤᠷᠢᠨ ᠭᠠᠵᠠᠷ ᠤᠨ ᠣᠶᠤᠨ ᠪᠢᠯᠢᠭ ᠢ ᠰᠡᠩᠬᠡᠷᠡᠭᠦᠯᠵᠦ᠂ ᠤᠷᠠᠯᠢᠭ ᠢᠶᠠᠷ ᠬᠡᠦᠬᠡᠳ ᠤᠨ ᠰᠡᠳᠬᠢᠯ ᠢ ᠤᠮᠳᠠᠯᠠᠵᠤ ᠦᠰᠦᠨ ᠪᠤᠶᠢᠵᠢᠯᠲᠠ ᠶᠢ ᠬᠠᠮᠠᠭᠠᠯᠠᠶ᠎ᠠ︾ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠳᠤ 100 ᠭᠠᠷᠤᠢ ᠨᠠᠰᠤᠨ ᠳᠤ ᠥᠯᠥ ᠭᠦᠷᠦᠭᠰᠡᠳ ᠢᠳᠡᠪᠬᠢᠲᠡᠢ ᠣᠷᠣᠯᠴᠠᠵᠠᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠭᠠᠨᠮᠥ᠋ᠴᠢᠷ ᠤᠨ ᠭᠡᠰᠢᠭᠦᠳ ᠭᠤᠷᠪᠠᠳᠤᠭᠠᠷ ᠪᠠᠭ᠎ᠠ ᠰᠤᠷᠭᠠᠭᠤᠯᠢ ᠠᠴᠠ ᠢᠷᠡᠭᠰᠡᠨ ᠰᠤᠷᠤᠭᠴᠢᠳ ᠲᠠᠢ ᠬᠠᠮᠲᠤ ᠲᠣᠭᠯᠠᠯᠲᠠ ᠭᠠᠷᠭᠠᠵᠤ᠂ ᠭᠤᠶᠢᠳᠠ ᠰᠠᠶᠢᠬᠠᠨ ᠲᠣᠭᠯᠠᠯᠲᠠ  ᠨᠢ ᠠᠵᠢᠯᠯᠠᠭ᠎ᠠ ᠶᠢ ᠤᠷᠬᠢᠯ ᠳᠤᠨᠢ ᠬᠦᠷᠭᠡᠵᠡᠢ᠃ ᠬᠤᠪᠢᠰᠬᠠᠯᠲᠤ ᠳᠠᠭᠤᠤ ᠶᠢ ᠳᠠᠭᠤᠯᠠᠬᠤ᠂ ᠬᠤᠪᠢᠰᠬᠠᠯᠲᠤ ᠰᠣᠩᠭᠤᠳᠠᠭ ᠰᠢᠯᠦᠭ ᠳᠠᠭᠤᠯᠠᠯ ᠢ ᠤᠶᠠᠩᠭᠠᠯᠠᠨ ᠤᠩᠰᠢᠬᠤ᠂ ᠬᠤᠪᠢᠰᠬᠠᠯᠲᠤ ᠭᠤᠣᠯ ᠰᠡᠳᠦᠪᠲᠦ ᠪᠥᠵᠢᠭ ᠤᠨ ᠲᠣᠭᠯᠠᠯᠲᠠ ᠁ ᠨᠢᠯᠬᠠᠰᠠᠭ ᠬᠡᠦᠬᠡᠳ ᠤᠨ ᠳᠠᠭᠤᠨ᠂ ᠤᠶᠠᠨ ᠬᠠᠳᠠᠨ ᠪᠥᠵᠢᠭ ᠤᠨ ᠬᠥᠳᠡᠯᠦᠯ ᠪᠠᠶᠢᠳᠠᠯ ᠨᠢ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠢ ᠬᠦᠨᠳᠦᠳᠬᠡᠨ ᠪᠢᠰᠢᠷᠡᠬᠦ ᠪᠠ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠷ ᠪᠢᠯᠬᠠᠨ᠎ᠠ᠃ ᠲᠠᠶᠢᠰᠠᠨ ᠳᠣᠣᠷᠠᠬᠢ ᠦᠵᠡᠭᠴᠢᠳ ᠶᠡᠬᠡᠳᠡ ᠰᠡᠳᠬᠢᠯ ᠬᠥᠳᠡᠯᠵᠦ᠂ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠲᠡᠯ᠎ᠡ ᠳᠠᠭᠤᠷᠢᠰᠤᠨ᠎ᠠ᠃      ᠲᠤᠰ ᠤᠳᠠᠭ᠎ᠠ ᠶᠢᠨ ︽ᠬᠤᠪᠢᠰᠬᠠᠯ ᠤᠨ ᠰᠠᠭᠤᠷᠢᠨ ᠭᠠᠵᠠᠷ ᠤᠨ ᠤᠶᠤᠨ ᠪᠢᠯᠢᠭ ᠢ ᠰᠡᠩᠬᠡᠷᠡᠭᠦᠯᠵᠦ ᠤᠷᠠᠯᠢᠭ ᠢ ᠰᠢᠮᠡᠵᠢᠭᠦᠯᠵᠦ ᠬᠡᠦᠬᠡᠳ ᠤᠨ ᠰᠡᠳᠬᠢᠯ ᠢ ᠤᠮᠳᠠᠯᠠᠵᠤ ᠦᠰᠦᠨ ᠪᠤᠶᠢᠵᠢᠯᠲᠠ ᠶᠢ ᠬᠠᠮᠠᠭᠠᠯᠠᠶ᠎ᠠ︾ ᠨᠠᠰᠤᠨ ᠳᠤ ᠦᠯᠦ ᠬᠦᠷᠦᠭᠰᠡᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠨᠢ ᠤᠷᠠᠨ ᠰᠠᠶᠢᠬᠠᠨ ᠤ ᠲᠣᠭᠯᠠᠯᠲᠠ ᠶᠢᠨ ᠬᠡᠯᠪᠡᠷᠢ ᠪᠠᠷ ᠬᠤᠪᠢᠰᠬᠠᠯᠲᠤ ᠰᠣᠶᠣᠯ ᠤᠨ ᠦᠷ᠎ᠡ ᠶᠢ ᠬᠡᠦᠬᠡᠳ ᠤᠨ ᠰᠡᠳᠬᠢᠯ ᠳᠤ ᠰᠠᠴᠤᠵᠤ᠂ ᠲᠡᠳᠡᠨ ᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠪᠣᠯᠣᠨ ᠲᠡᠮᠡᠴᠡᠯ ᠤᠨ ᠵᠣᠷᠢᠭ ᠰᠠᠨᠠᠭ᠎ᠠ ᠶᠢ ᠬᠥᠭᠵᠢᠭᠡᠵᠡᠢ᠃ ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠦᠷᠭᠦᠯᠵᠢᠯᠡᠨ ᠨᠡᠶᠢᠭᠡᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠶᠢᠷᠠᠯᠠᠬᠤ ᠨᠠᠩ ᠣᠯᠠᠨ ᠪᠠᠶᠠᠯᠢᠭ ᠰᠠᠶᠢᠬᠠᠨ ᠠᠵᠢᠯᠯᠠᠭ᠎ᠠ ᠶᠢ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠵᠤ᠂ ᠲᠡᠳᠡᠨ ᠤ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠪᠣᠯᠬᠤ ᠳᠤ ᠬᠦᠴᠦᠨ ᠨᠡᠮᠡᠷᠢᠯᠡᠨ᠎ᠡ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1