︽ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠭᠰᠡᠨ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠭᠰᠡᠨ ᠳᠠᠶᠢᠨ ᠢᠯᠠᠯᠲᠠ ᠣᠯᠣᠭᠰᠠᠨ 80 ᠵᠢᠯ ᠤᠨ ᠣᠶ ᠶᠢ ᠳᠤᠷᠠᠰᠬᠠᠶ᠎ᠠ︾ ᠣᠯᠠᠨ ᠲᠦᠮᠡᠨᠴᠢ ᠴᠢᠨᠠᠷᠲᠠᠢ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠬᠠᠲᠤᠨ ᠭᠤᠣᠯ ᠤᠨ ᠤᠷᠠᠨ ᠵᠢᠷᠤᠭ ᠤᠨ ᠣᠷᠳᠣᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2025/6/28
      ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠭᠰᠡᠨ ᠳᠠᠶᠢᠨ ᠵᠢᠴᠢ ᠳᠡᠯᠡᠬᠡᠢ ᠶᠢᠨ ᠹᠠᠱᠢᠰ  ᠢ ᠡᠰᠡᠷᠭᠦᠴᠡᠭᠰᠡᠨ ᠳᠠᠶᠢᠨ ᠢᠯᠠᠯᠲᠠ ᠣᠯᠣᠭᠰᠠᠨ 80 ᠵᠢᠯ ᠤᠨ ᠣᠶ ᠶᠢᠨ ᠭᠠᠶᠢᠬᠠᠮᠰᠢᠭᠲᠤ ᠲᠡᠦᠬᠡ ᠶᠢ ᠪᠠᠲᠤ ᠴᠡᠭᠡᠵᠢᠯᠡᠵᠦ᠂ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠡᠬᠡ ᠣᠷᠣᠨᠴᠢ ᠰᠡᠳᠬᠢᠯᠭᠡ ᠶᠢ ᠵᠤᠵᠠᠭᠠᠳᠬᠠᠬᠤ ᠶᠢᠨ ᠲᠥᠯᠥᠭᠡ᠂ ᠣᠶᠢᠷ᠎ᠠ ᠳᠤ᠂ ᠬᠥᠬᠡᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ᠂ ᠬᠥᠬᠡᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠬᠠᠮᠲᠤᠷᠠᠨ ᠡᠷᠭᠢᠯᠡᠵᠦ᠂ ᠲᠣᠭᠲᠠᠬᠤ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠲᠣᠭᠲᠠᠬᠤ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ᠂ ᠲᠣᠭᠲᠠᠬᠤ ᠰᠢᠶᠠᠨ ᠤ ᠨᠠᠮ ᠤᠨ ᠭᠠᠳᠠᠨᠠᠬᠢ ᠰᠡᠬᠡᠭᠡᠲᠡᠳ ᠤᠨ ᠨᠥᠬᠦᠷᠯᠡᠯ ᠤᠨ ᠵᠦᠪᠯᠡᠯ ᠠᠴᠠ ᠳᠠᠭᠠᠭᠠᠨ ᠡᠷᠬᠢᠯᠡᠭᠰᠡᠨ ︽ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠶ᠎ᠠ︾ ᠭᠡᠬᠦ ᠲᠠᠪᠤᠳᠤᠭᠠᠷ ᠬᠤᠭᠤᠴᠠᠭᠠᠨ ᠤ ᠤᠯᠠᠨ ᠲᠦᠮᠡᠨᠴᠢ ᠴᠢᠨᠠᠷᠲᠠᠢ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ‌ᠬᠠᠲᠤᠨ ᠭᠤᠣᠯ ᠤᠨ ᠤᠷᠠᠨ ᠵᠢᠷᠤᠭ ᠤᠨ ᠣᠷᠳᠣᠨ ᠳᠤ ᠶᠠᠪᠤᠭᠳᠠᠪᠠ᠃
     ᠲᠣᠰ ᠤᠳᠠᠭᠠᠨ ᠤ ᠦᠵᠡᠰᠬᠦᠯᠡᠩ 6ᠳ᠋ᠤᠭᠠᠷ ᠰᠠᠷ᠎ᠠ ᠶᠢᠨ 24 ᠤ ᠡᠳᠦᠷ ᠠᠴᠠ ᠡᠬᠢᠯᠡᠵᠦ᠂ 7 ᠳ᠋ᠤᠭᠠᠷ ᠰᠠᠷ᠎ᠠ ᠶᠢᠨ 23 ᠤ ᠡᠳᠦᠷ ᠳᠠᠭᠤᠰᠤᠨ᠎ᠠ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1