5 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨᠡᠬᠢ 10 ᠴᠠᠭ ᠲᠤ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠪᠠ | ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠳᠡᠳ᠋ ᠰᠠᠶᠢᠳ ᠴᠢᠨ | ᠬᠠᠢ ᠰᠢᠶᠠᠩ ᠪᠣᠯᠣᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ | ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠶᠡᠷᠦᠩᠬᠡᠢ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ︽ᠬᠤᠲᠠ ᠶᠢᠨ | ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠲᠤᠬᠠᠢ ᠰᠠᠨᠠᠯ︾ ᠤᠨ ᠬᠤᠯᠪᠣᠭᠳᠠᠯ ᠪᠦᠬᠦᠢ | ᠪᠠᠶᠢᠳᠠᠯ ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃ | ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ | ᠦᠷᠭᠦᠯᠵᠢᠯᠡᠨ ᠲᠦᠯᠬᠢᠨ ᠠᠬᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠵᠤ᠂ ᠬᠤᠲᠠ ᠶᠢᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠷᠭ᠎ᠠ ᠮᠠᠶ᠋ᠢᠭ ᠢ | ᠬᠤᠪᠢᠷᠠᠭᠤᠯᠤᠨ᠂ ᠬᠤᠲᠠ ᠶᠢᠨ ᠰᠢᠨᠡᠴᠢᠯᠡᠯᠲᠡ ᠶᠢᠨ ᠦᠷᠭᠦᠯᠵᠢᠯᠡᠬᠦ ᠬᠡᠪ ᠵᠠᠭᠪᠤᠷ ᠪᠠ ᠲᠥᠷᠥ ᠶᠢᠨ ᠪᠣᠳᠣᠯᠭ᠎ᠠ | ᠬᠠᠤᠯᠢ ᠲᠣᠭᠲᠠᠭᠠᠯ ᠢ ᠪᠠᠶᠢᠭᠤᠯᠵᠤ᠂ ᠬᠤᠲᠠ ᠶᠢᠨ ᠰᠢᠨᠡᠴᠢᠯᠡᠯᠲᠡ ᠶᠢ ᠶᠡᠭᠡ ᠪᠠᠷ ᠬᠡᠷᠡᠭᠵᠢᠭᠦᠯᠵᠦ᠂ ᠣᠷᠣᠰᠢᠨ | ᠰᠠᠭᠤᠬᠤ ᠳᠤ ᠲᠣᠬᠢᠷᠠᠮᠵᠢᠲᠠᠢ᠂ ᠤᠶᠠᠨ ᠬᠠᠲᠠᠨ᠂ ᠤᠶᠤᠨᠴᠢ ᠬᠤᠲᠠ ᠶᠢ ᠪᠦᠲᠦᠭᠡᠨ ᠪᠠᠶᠢᠭᠤᠯᠬᠤ ᠬᠡᠷᠡᠭᠲᠡᠢ ᠭᠡᠵᠦ | ᠱᠠᠭᠠᠷᠳᠠᠪᠠ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠳᠡᠳ᠋ ᠰᠠᠶᠢᠳ | ᠴᠢᠨ ᠬᠠᠢ ᠰᠢᠶᠠᠩ ᠤᠨ ᠲᠠᠨᠢᠯᠴᠠᠭᠤᠯᠤᠭᠰᠠᠨ ᠢᠶᠠᠷ᠂ ᠬᠤᠲᠠ ᠶᠢᠨ ᠰᠢᠨᠡᠴᠢᠯᠡᠯᠲᠡ ᠪᠣᠯ ᠬᠤᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠲᠦᠯᠬᠢᠨ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠢ᠂ ᠰᠢᠰᠲ᠋ᠧᠮᠲᠦ ᠴᠢᠨᠠᠷᠲᠠᠢ ᠪᠠᠶᠢᠯᠳᠤᠬᠤ | ᠪᠣᠳᠣᠯᠭ᠎ᠠ ᠶᠢᠨ ᠠᠵᠢᠯᠯᠠᠭ᠎ᠠ ᠮᠥᠨ᠃ ︽ᠰᠠᠨᠠᠯ︾ ᠳᠤ ᠬᠤᠲᠠ ᠶᠢᠨ ᠪᠦᠲᠦᠴᠡ ᠶᠢ ᠰᠢᠯᠢᠳᠡᠭᠵᠢᠭᠦᠯᠬᠦ᠂ | ᠴᠢᠳᠠᠮᠵᠢ ᠶᠢ ᠲᠡᠭᠦᠯᠳᠡᠷᠵᠢᠭᠦᠯᠬᠦ᠂ ᠰᠣᠶᠣᠯ ᠤᠨ ᠰᠤᠳᠠᠰᠤ ᠶᠢ ᠦᠷᠭᠦᠯᠵᠢᠯᠡᠭᠦᠯᠬᠦ᠂ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠲᠠᠨ᠂ ᠤᠶᠤᠨᠴᠢ | ᠬᠤᠲᠠ ᠶᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠰᠢᠰᠲ᠋ᠧᠮᠲᠦ ᠴᠢᠨᠠᠷ ᠢᠶᠠᠷ ᠴᠢᠩᠭ᠎ᠠ᠂ ᠠᠷᠠᠳ ᠤᠨ | ᠲᠥᠯᠥᠭᠡ ᠪᠣᠳᠠᠲᠠᠢ ᠶᠢ ᠡᠷᠬᠢᠮᠯᠡᠬᠦ᠂ ᠨᠠᠷᠢᠯᠢᠭ ᠣᠨᠣᠴᠠᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠬᠦ | ᠣᠨᠴᠠᠯᠢᠭ ᠲᠠᠢ 8 ᠲᠠᠯ᠎ᠠ ᠶᠢᠨ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ | ᠨᠢᠭᠡᠳᠦᠭᠡᠷ ᠲᠤ᠂ ᠡᠭᠦᠷᠭᠡ ᠶᠢᠨ ᠲᠣᠬᠢᠷᠠᠭᠤᠯᠤᠯᠲᠠ ᠶᠢᠨ ᠲᠠᠯ᠎ᠠ ᠪᠠᠷ᠂ ︽ᠰᠠᠨᠠᠯ︾ ᠳᠤ ᠰᠠᠶᠢᠨ ᠭᠡᠷ | ᠪᠠᠶᠢᠰᠢᠩ᠂ ᠰᠠᠶᠢᠨ ᠤᠷᠤᠨ ᠰᠠᠭᠤᠴᠠ ᠶᠢᠨ ᠲᠣᠭᠤᠷᠢᠭ᠂ ᠰᠠᠶᠢᠨ ᠨᠡᠶᠢᠭᠡᠮ ᠲᠣᠭᠤᠷᠢᠭ᠂ ᠰᠠᠶᠢᠨ ᠬᠤᠲᠠ ᠶᠢᠨ | ᠲᠣᠭᠤᠷᠢᠭ ᠤᠨ ︽ᠳᠥᠷᠪᠡᠨ ᠰᠠᠶᠢᠨ︾ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠠᠷ | ᠪᠠᠶᠢᠷᠢᠯᠠᠭᠤᠯᠤᠭᠰᠠᠨ ᠨᠢ ᠮᠠᠰᠢ ᠴᠢᠩᠭ᠎ᠠ ᠰᠢᠰᠲ᠋ᠧᠮᠲᠦ ᠴᠢᠨᠠᠷ ᠲᠠᠢ ᠶᠤᠮ᠃ | ᠰᠠᠶᠢᠨ ᠭᠡᠷ ᠪᠠᠶᠢᠰᠢᠩ ᠢ ᠪᠦᠲᠦᠭᠡᠨ ᠪᠠᠶᠢᠭᠤᠯᠬᠤ ᠳᠤ᠂ ᠭᠤᠣᠯᠳᠠᠭᠤ ᠠᠮᠤᠷ ᠲᠦᠪᠰᠢᠨ᠂ ᠲᠠᠭᠠᠯᠠᠮᠵᠢᠲᠠᠢ᠂ | ᠪᠣᠬᠢᠷᠲᠤᠯ ᠦᠭᠡᠢ᠂ ᠤᠶᠤᠨᠴᠢ ᠰᠠᠶᠢᠨ ᠭᠡᠷ ᠪᠠᠶᠢᠰᠢᠩ ᠢ ᠶᠡᠭᠡ ᠪᠠᠷ ᠪᠦᠲᠦᠭᠡᠨ ᠪᠠᠶᠢᠭᠤᠯᠬᠤ ᠶᠢᠨ ᠬᠠᠮᠲᠤ ᠨᠢᠭᠡᠨᠲᠡ | ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠶᠢ ᠴᠢᠩᠭᠠᠳᠬᠠᠵᠤ᠂ ᠬᠠᠭᠤᠴᠢᠨ ᠪᠠ ᠬᠠᠭᠤᠴᠢᠷᠠᠭᠰᠠᠨ ᠭᠡᠷ | ᠪᠠᠶᠢᠰᠢᠩ ᠢ ᠰᠠᠶᠢᠨ ᠭᠡᠷ ᠪᠠᠶᠢᠰᠢᠩ ᠪᠣᠯᠭᠠᠨ ᠥᠭᠡᠷᠡᠴᠢᠯᠡᠬᠦ ᠪᠠᠷ ᠴᠢᠷᠮᠠᠶᠢᠨ᠎ᠠ᠃ ᠠᠶᠤᠯ ᠲᠠᠢ ᠣᠷᠣᠨ ᠰᠠᠭᠤᠴᠠ ᠶᠢᠨ | ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ᠂ | ᠦᠷ᠎ᠡ ᠠᠰᠢᠭ ᠢᠶᠠᠷ ᠳᠣᠣᠷ᠎ᠠ ᠠᠰᠠᠷ ᠲᠠᠭᠳᠤ᠂ ᠤᠯᠠᠮᠵᠢᠯᠠᠯᠲᠤ ᠬᠤᠳᠠᠯᠳᠤᠭᠠᠨ ᠤ ᠲᠥᠬᠦᠭᠡᠷᠦᠮᠵᠢ ᠵᠡᠷᠭᠡ ᠦᠯᠡᠳᠡᠭᠡᠯ | ᠭᠡᠷ ᠪᠠᠶᠢᠰᠢᠩ ᠢ ᠥᠭᠡᠷᠡᠴᠢᠯᠡᠨ ᠠᠰᠢᠭᠯᠠᠬᠤ ᠶᠢ ᠴᠢᠩᠭᠠᠳᠬᠠᠵᠤ᠂ ᠪᠠᠷᠢᠯᠭ᠎ᠠ ᠶᠢᠨ ᠴᠢᠳᠠᠮᠵᠢ ᠶᠢ ᠬᠤᠪᠢᠷᠠᠭᠤᠯᠬᠤ ᠪᠠ | ᠬᠤᠯᠢᠯᠳᠤᠭᠤᠯᠤᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ | ᠰᠠᠶᠢᠨ ᠤᠷᠤᠨ ᠰᠠᠭᠤᠴᠠ ᠶᠢᠨ ᠲᠣᠭᠤᠷᠢᠭ ᠢ ᠪᠦᠲᠦᠭᠡᠨ ᠪᠠᠶᠢᠭᠤᠯᠬᠤ ᠳᠤ᠂ ᠭᠤᠣᠯᠳᠠᠭᠤ ᠬᠤᠳᠠ | ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠴᠡᠭᠴᠡᠯᠡᠨ ᠥᠭᠡᠷᠡᠴᠢᠯᠡᠬᠦ ᠶᠢ ᠠᠬᠢᠭᠤᠯᠵᠤ᠂ | ᠬᠠᠭᠤᠴᠢᠷᠠᠭᠰᠠᠨ ᠬᠤᠭᠤᠯᠠᠢ ᠲᠤᠤᠷ ᠢ ᠰᠢᠨᠡᠳᠬᠡᠨ ᠥᠭᠡᠷᠡᠴᠢᠯᠡᠵᠦ᠂ ᠰᠠᠭᠤᠭᠠᠯᠢ ᠠᠷᠠᠳ ᠤᠨ ᠲᠣᠭᠤᠷᠢᠭ ᠵᠢᠴᠢ | ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠥᠭᠡᠷᠡᠴᠢᠯᠡᠨ ᠰᠠᠶᠢᠵᠢᠷᠠᠭᠤᠯᠵᠤ᠂ ᠶᠠᠰᠤ | ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠷᠳᠤ ᠬᠤᠭᠤᠴᠠᠭᠠᠨ ᠤ | ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠠᠭᠤᠴᠢᠨ ᠤᠷᠤᠨ ᠰᠠᠭᠤᠴᠠ ᠶᠢᠨ | ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ᠂ ᠲᠥᠬᠦᠭᠡᠷᠦᠮᠵᠢ ᠶᠢᠨ ᠨᠥᠬᠦᠴᠡᠯ᠂ ᠦᠢᠯᠡᠴᠢᠯᠡᠭᠡᠨ ᠤ | ᠴᠢᠳᠠᠮᠵᠢ ᠪᠣᠯᠣᠨ ᠰᠣᠶᠣᠯ ᠤᠨ ᠦᠷᠳᠡᠭ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠰᠠᠶᠢᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ᠂ ᠭᠤᠣᠯᠳᠠᠭᠤ ᠠᠮᠤᠷ ᠲᠦᠪᠰᠢᠨ | ᠡᠷᠡᠭᠦᠯ ᠮᠡᠨᠳᠦ᠂ ᠲᠥᠬᠦᠭᠡᠷᠦᠮᠵᠢ ᠲᠡᠭᠦᠯᠳᠡᠷ᠂ ᠬᠠᠮᠢᠶᠠᠷᠤᠯᠲᠠ ᠡᠮᠬᠢ ᠵᠢᠷᠤᠮ ᠲᠠᠢ ᠪᠦᠷᠢᠨ ᠪᠦᠲᠦᠨ ᠨᠡᠶᠢᠭᠡᠮ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠭᠤᠴᠢᠨ ᠵᠡᠭᠡᠯᠢ ᠲᠣᠭᠤᠷᠢᠭ ᠤᠨ ᠴᠢᠳᠠᠪᠬᠢ ᠶᠢ | ᠬᠤᠪᠢᠷᠠᠭᠤᠯᠬᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠡᠰ ᠳᠡᠪᠰᠢᠭᠦᠯᠬᠦ᠂ ᠠᠮᠢᠵᠢᠷᠠᠯ ᠤᠨ ᠬᠦᠴᠦᠨ ᠢ | ᠳᠡᠭᠡᠭᠰᠢᠯᠡᠭᠦᠯᠬᠦ ᠶᠢ ᠠᠬᠢᠭᠤᠯᠵᠤ᠂ ᠬᠠᠭᠤᠴᠢᠨ ᠦᠢᠯᠡᠳᠪᠦᠷᠢ ᠶᠢᠨ ᠲᠣᠭᠤᠷᠢᠭ ᠢ ᠠᠮᠢᠳᠤᠯᠢᠭ ᠢᠶᠠᠷ ᠠᠰᠢᠭᠯᠠᠵᠤ᠂ | ᠬᠤᠳᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠶᠢ ᠢᠳᠡᠪᠬᠢᠲᠡᠢ ᠠᠬᠢᠭᠤᠯᠤᠨ᠎ᠠ᠃ | ᠰᠠᠶᠢᠨ ᠬᠤᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ᠂ ᠭᠤᠣᠯᠳᠠᠭᠤ ᠬᠤᠲᠠ ᠶᠢᠨ | ᠴᠢᠳᠠᠪᠬᠢ ᠶᠢ ᠲᠡᠭᠦᠯᠳᠡᠷᠵᠢᠭᠦᠯᠵᠦ᠂ ᠣᠯᠠᠨ ᠳᠡᠰ ᠳᠠᠪᠬᠤᠷᠭ᠎ᠠ ᠲᠠᠢ᠂ ᠪᠦᠬᠦᠨ ᠢ ᠬᠠᠮᠤᠷᠤᠭᠰᠠᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠤᠤᠷᠵᠢᠯ ᠢ ᠪᠠᠶᠢᠭᠤᠯᠤᠨ ᠲᠡᠭᠦᠯᠳᠡᠷᠵᠢᠭᠦᠯᠵᠦ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠴᠢᠩᠭᠠᠳᠬᠠᠵᠤ᠂ ᠬᠤᠳᠠ ᠶᠢᠨ ᠠᠮᠢ ᠠᠬᠤᠢ ᠶᠢᠨ ᠰᠢᠰᠲ᠋ᠧᠮ ᠢ | ᠵᠠᠰᠠᠨ ᠰᠡᠷᠭᠦᠭᠡᠵᠦ᠂ ᠬᠤᠳᠠ ᠶᠢᠨ ᠲᠡᠦᠬᠡ ᠰᠣᠶᠣᠯ ᠢ ᠬᠠᠮᠠᠭᠠᠯᠠᠨ ᠵᠠᠯᠭᠠᠮᠵᠢᠯᠠᠵᠤ᠂ ᠲᠡᠦᠬᠡ ᠰᠣᠶᠣᠯ ᠤᠨ ᠵᠡᠭᠡᠯᠢ | ᠲᠣᠭᠤᠷᠢᠭ ᠢ ᠵᠠᠰᠠᠨ ᠰᠡᠷᠭᠦᠭᠡᠬᠦ ᠪᠠ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ᠂ | ᠲᠡᠦᠬᠡ ᠶᠢᠨ ᠪᠠᠷᠢᠯᠭ᠎ᠠ ᠶᠢ ᠵᠠᠰᠠᠨ ᠰᠡᠯᠪᠢᠬᠦ ᠶᠢ ᠲᠦᠯᠬᠢᠨ ᠠᠬᠢᠭᠤᠯᠵᠤ᠂ ᠰᠣᠶᠣᠯ ᠤᠨ ᠥᠪ ᠢ ᠵᠦᠢ ᠵᠣᠬᠢᠰᠲᠠᠢ | ᠠᠰᠢᠭᠯᠠᠬᠤ ᠠᠷᠭ᠎ᠠ ᠮᠠᠶ᠋ᠢᠭ ᠪᠠ ᠠᠷᠭ᠎ᠠ ᠵᠠᠮ ᠢ ᠬᠠᠶᠢᠨ ᠰᠦᠪᠡᠭᠴᠢᠯᠡᠵᠦ᠂ ᠲᠡᠦᠬᠡ ᠰᠣᠶᠣᠯ ᠢ ᠤᠳᠤ ᠦᠶ᠎ᠡ ᠶᠢᠨ | ᠠᠮᠢᠳᠤᠷᠠᠯ ᠲᠠᠢ ᠨᠢᠭᠡ ᠴᠣᠭᠴᠠ ᠪᠣᠯᠭᠠᠨ ᠠᠭᠤᠰᠤᠯᠴᠠᠭᠤᠯᠵᠤ᠂ ᠬᠠᠷᠢᠯᠴᠠᠨ ᠲᠤᠪᠤᠶᠢᠯᠭᠠᠨ᠎ᠠ᠃ | ᠬᠤᠶᠠᠳᠤᠭᠠᠷ ᠲᠤ᠂ ᠠᠵᠢᠯ ᠤᠨ ᠠᠷᠭ᠎ᠠ ᠬᠡᠮᠵᠢᠶ᠎ᠡ ᠶᠢᠨ ᠲᠠᠯ᠎ᠠ ᠪᠠᠷ᠂ ︽ᠰᠠᠨᠠᠯ︾ ᠨᠢ ᠠᠷᠠᠳ ᠲᠤ | ᠦᠢᠯᠡᠴᠢᠯᠡᠬᠦ᠂ ᠠᠷᠠᠳ ᠲᠤ ᠲᠦᠭᠦᠮ ᠦᠵᠡᠭᠦᠯᠬᠦ᠂ ᠠᠷᠠᠳ ᠢ ᠠᠮᠤᠷᠵᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠮᠠᠰᠢ ᠤᠯᠠᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠳᠤᠷᠠᠳᠴᠠᠢ᠂ ᠵᠢᠱᠢᠶᠡᠯᠡᠪᠡᠯ᠂ | ᠠᠶᠤᠯᠲᠠᠢ ᠣᠷᠣᠨ ᠰᠠᠭᠤᠴᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠬᠤ᠂ ᠬᠤᠳᠠ ᠪᠠᠯᠭᠠᠰᠤᠨ ᠤ | ᠬᠠᠭᠤᠴᠢᠨ ᠤᠷᠤᠨ ᠰᠠᠭᠤᠴᠠ ᠶᠢᠨ ᠲᠣᠭᠤᠷᠢᠭ ᠢ ᠶᠡᠷᠦᠩᠬᠡᠶᠢᠯᠡᠨ ᠴᠡᠭᠴᠡᠯᠡᠨ ᠥᠭᠡᠷᠡᠴᠢᠯᠡᠬᠦ ᠶᠢ ᠠᠬᠢᠭᠤᠯᠬᠤ᠂ | ᠪᠦᠷᠢᠨ ᠪᠦᠲᠦᠨ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠬᠤ᠂ ᠬᠤᠳᠠ ᠶᠢᠨ ᠳᠤᠮᠳᠠᠬᠢ ᠲᠣᠰᠬᠤᠨ ᠤ | ᠥᠭᠡᠷᠡᠴᠢᠯᠡᠯᠲᠡ ᠶᠢ ᠠᠬᠢᠭᠤᠯᠬᠤ ᠵᠢᠴᠢ ᠤᠯᠠᠨ ᠲᠦᠮᠡᠨ ᠤ ᠳᠡᠷᠭᠡᠳᠡᠬᠢ ᠨᠡᠶᠢᠭᠡᠮ ᠲᠣᠭᠤᠷᠢᠭ ᠤᠨ ᠴᠡᠴᠡᠷᠯᠢᠭ ᠪᠣᠯᠣᠨ | ᠪᠢᠴᠢᠯ ᠴᠡᠴᠡᠷᠯᠢᠭ ᠢ ᠨᠡᠮᠡᠭᠳᠡᠭᠦᠯᠬᠦ᠂ ᠴᠡᠴᠡᠷᠯᠢᠭ ᠤᠨ ᠨᠣᠭᠤᠭᠠᠨ ᠬᠥᠷᠥᠰᠥ ᠶᠢ ᠨᠡᠭᠡᠭᠡᠨ ᠬᠠᠮᠲᠤᠪᠠᠷ ᠡᠳ᠋ᠯᠡᠬᠦ ᠶᠢ | ᠠᠬᠢᠭᠤᠯᠬᠤ ᠵᠡᠷᠭᠡ ᠪᠣᠯᠣᠨ᠎ᠠ᠃ ᠡᠳᠡᠭᠡᠷ ᠠᠷᠭ᠎ᠠ ᠬᠡᠮᠵᠢᠶ᠎ᠡ ᠨᠢ ᠴᠥᠮ ᠤᠯᠠᠨ ᠲᠦᠮᠡᠨ ᠤ ᠳᠡᠷᠭᠡᠳᠡᠬᠢ ᠪᠠᠴᠢᠮ ᠪᠡᠷᠬᠡ | ᠵᠣᠪᠠᠭᠤᠷᠢ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠨᠡᠩ ᠠᠮᠤᠷ ᠲᠦᠪᠰᠢᠨ ᠲᠠᠭᠠᠯᠠᠮᠵᠢᠲᠠᠢ ᠣᠷᠣᠨ | ᠰᠠᠭᠤᠴᠠ ᠶᠢᠨ ᠨᠥᠬᠦᠴᠡᠯ᠂ ᠨᠡᠩ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠤᠯᠠᠨ ᠨᠡᠶᠢᠲᠡ ᠶᠢᠨ | ᠦᠢᠯᠡᠴᠢᠯᠡᠭᠡ ᠪᠠ ᠨᠡᠩ ᠭᠤᠶᠤ ᠰᠠᠶᠢᠬᠠᠨ ᠬᠤᠳᠠ ᠶᠢᠨ ᠣᠷᠴᠢᠨ ᠨᠥᠬᠦᠴᠡᠯ ᠢ ᠪᠤᠢ ᠪᠣᠯᠭᠠᠬᠤ ᠶᠢᠨ ᠲᠥᠯᠥᠭᠡ ᠶᠤᠮ | ᠃ | ᠭᠤᠷᠪᠠᠳᠤᠭᠠᠷ ᠲᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠠᠯ᠎ᠠ ᠪᠠᠷ᠂ ︽ᠰᠠᠨᠠᠯ︾ ᠳᠤ ᠳᠤᠷᠠᠳᠤᠭᠰᠠᠨ | ᠨᠢ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠨᠠᠷᠢᠯᠢᠭ ᠣᠨᠣᠴᠠᠲᠠᠢ ᠪᠠᠷ ᠲᠥᠷᠥ ᠶᠢᠨ | ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠭᠠᠵᠠᠷ ᠣᠷᠣᠨ ᠤ ᠬᠤᠭᠤᠷᠣᠨᠳᠣᠬᠢ᠂ ᠬᠤᠲᠠ ᠶᠢᠨ ᠬᠤᠭᠤᠷᠣᠨᠳᠣᠬᠢ | ᠵᠥᠷᠢᠶ᠎ᠡ ᠶᠢ ᠭᠦᠢᠴᠡᠳ ᠪᠣᠳᠣᠯᠬᠢᠯᠠᠵᠤ᠂ ᠬᠤᠳᠠ ᠶᠢᠨ ᠰᠢᠨᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠶᠢ | ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠵᠤ᠂ ᠬᠡᠷᠡᠭᠵᠢᠭᠦᠯᠬᠦ ᠠᠷᠭ᠎ᠠ ᠵᠠᠮ ᠢ ᠨᠠᠷᠢᠯᠢᠭᠵᠢᠭᠤᠯᠤᠨ᠂ | ᠠᠵᠢᠯᠯᠠᠬᠤ ᠠᠷᠭ᠎ᠠ ᠶᠢ ᠲᠡᠭᠦᠯᠳᠡᠷᠵᠢᠭᠦᠯᠵᠦ᠂ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ | ᠬᠢᠬᠦ ᠵᠠᠷᠴᠢᠮ ᠶᠣᠰᠣᠭᠠᠷ᠂ ᠡᠷᠴᠢᠮᠲᠡᠢ ᠪᠥᠭᠡᠳ ᠡᠮᠬᠢ ᠵᠢᠷᠤᠮ ᠲᠠᠢ ᠪᠠᠷ ᠬᠡᠷᠡᠭᠵᠢᠭᠦᠯᠬᠦ ᠶᠢ ᠠᠬᠢᠭᠤᠯᠵᠤ᠂ ᠤᠴᠢᠷ | ᠶᠠᠪᠤᠳᠠᠯ ᠢ ᠨᠢᠭᠡ ᠨᠢᠭᠡ ᠪᠠᠷ ᠬᠢᠵᠦ᠂ ᠨᠢᠭᠡ ᠶᠢ ᠬᠢᠪᠡᠯ ᠨᠢᠭᠡ ᠶᠢ ᠪᠦᠲᠦᠭᠡᠵᠦ᠂ ᠬᠡᠯᠪᠡᠷᠢᠴᠢ ᠦᠵᠡᠯ ᠢ ᠴᠢᠩᠭ᠎ᠠ | ᠴᠡᠭᠡᠷᠯᠡᠵᠦ᠂ ︽ᠨᠢᠭᠤᠷ ᠲᠠᠯ᠎ᠠ ᠶᠢᠨ ᠢᠨᠵᠧᠨᠧᠷᠢᠩ︾᠂ ︽ᠳᠦᠷᠢ ᠲᠥᠷᠬᠦ ᠶᠢᠨ ᠢᠨᠵᠧᠨᠧᠷᠢᠩ︾ ᠢ ᠲᠡᠪᠴᠢᠵᠦ᠂ | ᠪᠣᠳᠠᠲᠠᠢ ᠶᠠᠪᠤᠳᠠᠯ ᠢ ᠪᠣᠳᠠᠲᠠᠢ ᠬᠢᠵᠦ᠂ ᠰᠠᠶᠢᠨ ᠶᠠᠪᠤᠳᠠᠯ ᠢ ᠰᠠᠶᠢᠲᠤᠷ ᠬᠢᠬᠦ ᠶᠢ ᠪᠠᠳᠤᠯᠠᠨ᠎ᠠ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠳᠡᠳ᠋ ᠰᠠᠶᠢᠳ | ᠴᠢᠨ ᠬᠠᠢ ᠰᠢᠶᠠᠩ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠵᠢᠯ ᠤᠳ ᠲᠤ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠡᠯ᠎ᠡ ᠭᠠᠵᠠᠷ ᠢ ᠵᠢᠯᠣᠭᠤᠳᠤᠨ ᠬᠤᠲᠠ ᠪᠠᠯᠭᠠᠰᠤᠨ ᠤ | ᠬᠠᠭᠤᠴᠢᠨ ᠤᠷᠤᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠪᠥᠬᠦ | ᠤᠯᠤᠰ ᠤᠨ 106 ᠨᠡᠶᠢᠭᠡᠮ ᠲᠣᠭᠤᠷᠢᠭ ᠲᠤ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠲᠤᠷᠰᠢᠯᠲᠠ ᠶᠢ ᠥᠷᠨᠢᠭᠦᠯᠵᠦ᠂ ᠤᠷᠤᠨ ᠰᠠᠭᠤᠴᠠ ᠶᠢᠨ ᠲᠣᠭᠤᠷᠢᠭ᠂ ᠨᠡᠶᠢᠭᠡᠮ ᠲᠣᠭᠤᠷᠢᠭ ᠤᠨ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠦᠢᠯᠡᠴᠢᠯᠡᠭᠡᠨ ᠤ ᠲᠤᠳᠠᠭᠳᠠᠯ ᠢ ᠬᠦᠴᠦᠯᠡᠨ ᠨᠥᠬᠦᠪᠦᠷᠢᠯᠡᠪᠡ | ᠭᠡᠵᠡᠢ᠃ | 2024 ᠣᠨ ᠤ ᠰᠡᠭᠦᠯᠴᠢ ᠪᠣᠯᠲᠠᠯ᠎ᠠ᠂ ᠪᠦᠬᠦ ᠤᠯᠤᠰ ᠲᠤ ᠨᠡᠶᠢᠳᠡ 28 ᠲᠦᠮᠡᠨ ᠬᠠᠭᠤᠴᠢᠨ ᠤᠷᠤᠨ | ᠰᠠᠭᠤᠴᠠ ᠶᠢᠨ ᠲᠣᠭᠤᠷᠢᠭ ᠢ ᠠᠵᠢᠯ ᠡᠬᠢᠯᠡᠭᠦᠯᠦᠨ ᠥᠭᠡᠷᠡᠴᠢᠯᠡᠨ ᠪᠠᠶᠢᠭᠤᠯᠵᠤ᠂ 4800 ᠲᠦᠮᠡᠨ ᠡᠷᠦᠬᠡ᠂ 1.2 | ᠳ᠋ᠦᠩᠰᠢᠭᠤᠷ ᠭᠠᠷᠤᠢ ᠬᠥᠮᠥᠨ ᠳᠤ ᠠᠰᠢᠭ ᠬᠦᠷᠳᠡᠭᠡᠵᠡᠢ᠂ ᠨᠡᠶᠢᠲᠡ 36 ᠲᠦᠮᠡᠨ ᠺᠢᠯᠤᠮᠧᠲᠷ ᠡᠯ᠎ᠡ ᠲᠦᠷᠦᠯ ᠤᠨ | ᠬᠠᠭᠤᠴᠢᠷᠠᠭᠰᠠᠨ ᠬᠤᠭᠤᠯᠠᠢ ᠲᠤᠤᠷ ᠢ ᠥᠭᠡᠷᠡᠴᠢᠯᠡᠨ ᠰᠠᠶᠢᠵᠢᠷᠠᠭᠤᠯᠵᠤ᠂ ᠲᠡᠷᠭᠡᠨ ᠵᠤᠭᠰᠤᠭᠠᠯ 387 ᠲᠦᠮᠡ | ᠨᠡᠮᠡᠨ ᠪᠠᠶᠢᠭᠤᠯᠵᠤ᠂ ᠨᠠᠰᠤᠵᠢᠯ ᠤᠨ ᠠᠰᠠᠷᠠᠮᠵᠢ᠂ ᠨᠠᠶᠢᠳᠠᠨ ᠬᠥᠮᠥᠵᠢᠭᠦᠯᠬᠦ ᠵᠡᠷᠭᠡ ᠡᠯ᠎ᠡ ᠲᠦᠷᠦᠯ ᠤᠨ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢ 7.8 ᠲᠦᠮᠡ ᠪᠦᠲᠦᠭᠡᠨ ᠪᠠᠶᠢᠭᠤᠯᠪᠠ᠃ ᠡᠯ᠎ᠡ ᠭᠠᠵᠠᠷ ᠤᠨ | ᠬᠢᠨ ᠤᠯᠠᠨ ᠲᠦᠮᠡᠨ ᠤ ᠪᠠᠴᠢᠮ ᠲᠤᠯᠭᠠᠮ᠎ᠠ ᠵᠣᠪᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠨᠡᠶᠢᠳᠡ | 4.46 ᠳ᠋ᠦᠩᠰᠢᠭᠤᠷ ᠲᠡᠭᠰᠢ ᠳᠥᠷᠪᠡᠯᠵᠢᠨ ᠮᠧᠲᠷ ᠤᠨ ᠥᠭᠡᠷᠡᠴᠢᠯᠡᠯᠲᠡ ᠶᠢ ᠬᠡᠷᠡᠭᠵᠢᠭᠦᠯᠪᠡ︔ ᠡᠯ᠎ᠡ ᠭᠠᠵᠠᠷ ᠤᠨ | ᠬᠢᠨ ᠪᠠᠰᠠ ᠨᠢᠭᠡᠨᠲᠡ ᠪᠠᠶᠢᠭ᠎ᠠ ᠣᠷᠣᠨ ᠰᠠᠭᠤᠴᠠ ᠳᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠢᠳᠡᠪᠬᠢᠲᠡᠢ | ᠠᠬᠢᠭᠤᠯᠬᠤ ᠶᠢᠨ ᠬᠠᠮᠲᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠢᠨᠵᠧᠨᠧᠷᠢᠩ ᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠶᠠᠪᠤᠵᠤ ᠰᠠᠭᠤᠬᠤ ᠳᠤ ᠳᠥᠭᠦᠮ ᠦᠭᠡᠢ᠂ ᠠᠰᠠᠷ ᠲᠤ ᠭᠠᠷᠴᠤ | ᠪᠠᠭᠤᠬᠤ ᠳᠤ ᠬᠦᠴᠢᠷᠲᠡᠢ ᠨᠠᠰᠤᠲᠠᠳ ᠢ ᠠᠰᠠᠷ ᠠᠴᠠ ᠪᠠᠭᠤᠵᠤ ᠪᠠᠶᠢᠭᠠᠯᠢ ᠲᠠᠢ ᠤᠶᠢᠷᠠᠳᠤᠬᠤ᠂ ᠬᠠᠭᠤᠴᠢᠨ ᠠᠶᠢᠯ | ᠰᠠᠭᠠᠬᠠᠯᠲᠠ ᠲᠠᠢ ᠪᠠᠨ ᠵᠣᠭᠤᠭᠳᠠᠭᠤᠯᠬᠤ ᠳᠤ ᠲᠦᠭᠦᠮ ᠪᠣᠯᠭᠠᠪᠠ᠃ | ᠳᠠᠷᠠᠭᠠᠴᠢ ᠶᠢᠨ ᠠᠯᠬᠤᠮ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠠᠴᠠ ᠣᠷᠣᠨ ᠨᠤᠲᠤᠭ ᠢ ᠵᠢᠯᠣᠭᠤᠳᠤᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ | ᠦᠨᠡᠨᠬᠦ ᠰᠠᠶᠢᠲᠤᠷ ᠬᠢᠵᠦ᠂ ᠤᠷᠤᠨ ᠰᠠᠭᠤᠴᠠ ᠶᠢᠨ ᠲᠣᠭᠤᠷᠢᠭ ᠤᠨ ᠳᠣᠲᠣᠷᠠᠬᠢ ᠬᠠᠭᠤᠴᠢᠷᠠᠭᠰᠠᠨ ᠬᠤᠭᠤᠯᠠᠢ | ᠲᠤᠤᠷ ᠤᠨ ᠥᠭᠡᠷᠡᠴᠢᠯᠡᠯᠲᠡ ᠶᠢ ᠭᠤᠣᠯᠳᠠᠯᠭ᠎ᠠ ᠲᠠᠢ ᠰᠠᠶᠢᠲᠤᠷ ᠬᠢᠵᠦ᠂ ᠠᠮᠤᠷ ᠲᠦᠪᠰᠢᠨ ᠤ ᠳᠠᠯᠳᠠ ᠬᠡᠮ ᠢ | ᠠᠷᠢᠯᠭᠠᠵᠤ᠂ ᠪᠠᠷᠢᠯᠭ᠎ᠠ ᠶᠢᠨ ᠭᠡᠷ ᠤᠨ ᠣᠷᠣᠢ᠂ ᠭᠠᠳᠠᠷ ᠬᠡᠷᠡᠮ᠂ ᠠᠰᠠᠷ ᠤᠨ ᠱᠠᠲᠤ ᠵᠡᠷᠭᠡ ᠣᠯᠠᠨ ᠨᠡᠶᠢᠲᠡ ᠶᠢᠨ | ᠣᠷᠣᠨ ᠪᠠᠶᠢᠷᠢ ᠶᠢ ᠰᠡᠯᠪᠢᠨ ᠵᠠᠰᠠᠬᠤ᠂ ᠤᠷᠤᠨ ᠰᠠᠭᠤᠴᠠ ᠶᠢᠨ ᠲᠣᠭᠤᠷᠢᠭ ᠤᠨ ᠣᠷᠴᠢᠨ ᠲᠣᠭᠤᠷᠢᠨ ᠵᠢᠴᠢ ᠢᠵᠢ | ᠪᠦᠷᠢᠳᠦᠭᠦᠯᠬᠦ ᠪᠡᠯᠡᠳᠬᠡᠮᠵᠢ ᠶᠢ ᠥᠭᠡᠷᠡᠴᠢᠯᠡᠬᠦ ᠪᠠ ᠪᠦᠲᠦᠭᠡᠨ ᠪᠠᠶᠢᠭᠤᠯᠬᠤ᠂ ᠤᠷᠤᠨ ᠰᠠᠭᠤᠴᠠ ᠶᠢᠨ | ᠲᠣᠭᠤᠷᠢᠭ ᠤᠨ ᠳᠣᠲᠣᠷᠠᠬᠢ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠦᠷᠨᠢᠭᠦᠯᠦᠨ᠎ᠡ᠂ | ᠨᠥᠬᠦᠴᠡᠯ ᠲᠠᠢ ᠠᠰᠠᠷ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠳᠡᠮᠵᠢᠵᠦ᠂ ᠣᠯᠠᠨ ᠲᠦᠮᠡᠨ ᠤ ᠣᠷᠣᠰᠢᠨ | ᠰᠠᠭᠤᠬᠤ ᠨᠥᠬᠦᠴᠡᠯ ᠪᠠ ᠠᠮᠢᠳᠤᠷᠠᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ | ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠵᠦ᠂ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ᠂ ᠨᠠᠶᠢᠳᠠᠨ ᠬᠥᠮᠥᠵᠢᠭᠦᠯᠬᠦ ᠵᠡᠷᠭᠡ ︽ᠨᠢᠭᠡ ᠨᠠᠰᠤᠲᠠᠨ ᠨᠢᠭᠡ ᠨᠢᠯᠬᠠᠰ︾ | ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠵᠢᠴᠢ ᠲᠡᠷᠭᠡ ᠵᠣᠭᠰᠤᠭᠠᠬᠤ᠂ ᠴᠠᠬᠢᠯᠭᠠᠨ ᠴᠡᠨᠡᠭᠯᠡᠬᠦ | ᠵᠡᠷᠭᠡ ᠬᠤᠳᠠ ᠶᠢᠨ ᠶᠠᠪᠤᠳᠠᠯ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠤᠬᠠᠢ ᠶᠢᠨ ᠭᠠᠵᠠᠷ ᠲᠤᠨᠢ | ᠲᠣᠬᠢᠷᠠᠭᠤᠯᠤᠨ ᠪᠠᠶᠢᠭᠤᠯᠤᠨ ᠲᠡᠭᠦᠯᠳᠡᠷᠵᠢᠭᠦᠯᠵᠦ᠂ ᠠᠷᠠᠳ ᠤᠯᠠᠨ ᠤ ᠠᠮᠢᠳᠤᠷᠠᠯ ᠢ ᠨᠡᠩ ᠲᠦᠭᠦᠮ᠂ ᠨᠡᠩ | ᠲᠠᠭᠠᠯᠠᠮᠵᠢᠲᠠᠢ᠂ ᠨᠡᠩ ᠰᠠᠶᠢᠨ ᠰᠠᠶᠢᠬᠠᠨ ᠪᠣᠯᠭᠠᠨ᠎ᠠ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠳᠡᠳ᠋ ᠰᠠᠶᠢᠳ | ᠴᠢᠨ ᠬᠠᠢ ᠰᠢᠶᠠᠩ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ | ᠠᠮᠤᠷ ᠲᠦᠪᠰᠢᠨ ᠤᠶᠠᠨ ᠬᠠᠳᠠᠨ ᠴᠢᠨᠠᠷ ᠢ ᠳᠡᠭᠡᠭᠰᠢᠯᠡᠭᠦᠯᠬᠦ᠂ ᠬᠥᠮᠥᠰ ᠤᠨ ᠣᠷᠣᠰᠢᠨ ᠰᠠᠭᠤᠬᠤ ᠣᠷᠴᠢᠨ | ᠨᠥᠬᠦᠴᠡᠯ ᠢ ᠰᠠᠶᠢᠵᠢᠷᠠᠭᠤᠯᠬᠤ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠲᠠᠨᠢᠯᠴᠠᠭᠤᠯᠵᠤ᠂ ᠲᠠᠷᠠᠭᠠᠴᠢ ᠶᠢᠨ | ᠠᠯᠬᠤᠮ ᠳᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠡᠭᠦᠷᠭᠡ ᠶᠢ | ᠨᠠᠶᠢᠳᠠᠪᠤᠷᠢᠵᠢᠭᠤᠯᠤᠨ ᠨᠠᠷᠢᠯᠢᠭ ᠪᠤᠳᠠᠳᠠᠶᠢᠵᠢᠭᠤᠯᠬᠤ ᠶᠢ ᠲᠦᠯᠬᠢᠨ ᠠᠬᠢᠭᠤᠯᠤᠨ᠎ᠠ ᠭᠡᠵᠡᠢ᠃ | ᠴᠢᠨ ᠬᠠᠢ ᠰᠢᠶᠠᠩ ᠢᠯᠡᠷᠬᠡᠶᠢᠯᠡᠬᠦ ᠳᠡᠭᠡᠨ᠂ ᠣᠳᠣᠬᠠᠨ ᠳᠤ ᠡᠯ᠎ᠡ ᠲᠥᠷᠥᠯ ᠤᠨ ᠬᠤᠲᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠬᠤᠭᠤᠯᠠᠢ ᠲᠣᠣᠷ ᠢ ᠨᠡᠶᠢᠲᠡ 50 ᠲᠦᠮᠡᠨ ᠺᠢᠯᠣᠮᠧᠲᠷ ᠪᠠᠶᠢᠭᠤᠯᠤᠨ ᠥᠭᠡᠷᠡᠴᠢᠯᠡᠵᠦ᠂ | ᠬᠤᠲᠠ ᠶᠢᠨ ᠠᠮᠠᠷᠬᠠᠨ ᠤᠰᠤᠲᠤᠬᠤ ᠴᠡᠭ ᠢ 4800 ᠭᠠᠷᠤᠢ ᠠᠷᠢᠯᠭᠠᠭᠰᠠᠨ ᠪᠠᠶᠢᠨ᠎ᠠ᠃ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠠᠴᠠ ᠨᠠᠰᠢ᠂ ᠮᠠᠨ ᠤ ᠤᠯᠤᠰ ᠬᠤᠳᠠ ᠶᠢᠨ ᠵᠠᠮ ᠢ 56.4 | ᠲᠦᠮᠡᠨ ᠺᠢᠯᠣᠮᠧᠲᠷ ᠲᠤ ᠬᠦᠷᠭᠡᠵᠦ᠂ ᠵᠢᠮᠳᠦ ᠵᠠᠮ ᠬᠠᠷᠢᠯᠴᠠᠭᠠᠨ ᠤ ᠤᠷᠳᠤ ᠶᠢᠨ ᠬᠡᠮᠵᠢᠶ᠎ᠡ 1.1ᠲᠦᠮᠡᠨ | ᠺᠢᠯᠣᠮᠧᠲᠷ ᠲᠤ ᠬᠦᠷᠴᠦ᠂ ᠲᠤᠰᠬᠠᠢ ᠣᠷᠣᠨ ᠤ ᠲᠡᠰ ᠠᠴᠠ ᠳᠡᠭᠡᠭᠰᠢᠬᠢ ᠬᠤᠳᠠ ᠶᠢᠨ ᠪᠦᠲᠦᠭᠡᠨ | ᠪᠠᠶᠢᠭᠤᠯᠤᠯᠲᠠ ᠶᠢᠨ ᠲᠣᠭᠤᠷᠢᠭ ᠤᠨ ᠪᠤᠬᠢᠷ ᠦᠮᠡᠬᠡᠢ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠭᠰᠠᠨ | ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠠᠴᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠲᠦᠯᠬᠢᠨ | ᠠᠬᠢᠭᠤᠯᠤᠨ᠎ᠠ᠄ | ᠨᠢᠭᠡ ᠳᠤ᠂ ︽ᠳᠣᠲᠣᠷ︾ ᠢᠨᠵᠧᠨᠧᠷᠢᠩ ᠢ ᠦᠷᠭᠦᠯᠵᠢᠯᠡᠨ ᠰᠠᠶᠢᠲᠤᠷ ᠠᠳᠬᠤᠵᠤ᠂ ᠬᠤᠲᠠ ᠶᠢᠨ | ᠰᠢᠲᠠᠮᠠᠬᠠᠢ ᠬᠡᠢ᠂ ᠤᠰᠤ ᠬᠠᠩᠭᠠᠬᠤ᠂ ᠪᠣᠬᠢᠷ ᠤᠰᠤ᠂ ᠤᠰᠤ ᠭᠠᠳᠠᠭᠰᠢᠯᠠᠭᠤᠯᠬᠤ᠂ ᠢᠯᠴᠢ ᠬᠠᠩᠭᠠᠬᠤ ᠵᠡᠷᠭᠡ | ᠭᠠᠵᠠᠷ ᠳᠣᠣᠷᠠᠬᠢ ᠬᠤᠭᠤᠯᠠᠢ ᠲᠣᠣᠷ ᠢ ᠲᠠᠰ ᠳᠡᠪᠰᠢᠭᠦᠯᠦᠨ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠬᠤᠩᠭᠢᠯ ᠢ ᠪᠦᠲᠦᠭᠡᠨ | ᠪᠠᠶᠢᠭᠤᠯᠤᠨ᠎ᠠ᠃ | ᠬᠤᠶᠠᠷ ᠲᠤ᠂ ᠬᠤᠳᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ | ᠂ ᠬᠤᠳᠠ ᠶᠢᠨ ᠤᠰᠤ ᠲᠠᠲᠠᠷᠠᠭᠤᠯᠬᠤ ᠤᠰᠤᠲᠤᠯ ᠢ ᠰᠡᠷᠭᠡᠶᠢᠯᠡᠬᠦ ᠢᠨᠵᠧᠨᠧᠷᠢᠩ ᠢ ᠬᠡᠷᠡᠭᠵᠢᠭᠦᠯᠵᠦ᠂ ᠬᠤᠳᠠ | ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ᠶᠢ ᠠᠬᠢᠭᠤᠯᠵᠤ᠂ ᠬᠤᠳᠠ ᠶᠢᠨ ᠠᠮᠢ | ᠨᠠᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠳᠤ ᠴᠠᠭ ᠲᠤᠬᠠᠢ ᠳᠤᠨᠢ ᠬᠢᠨᠠᠨ ᠬᠡᠮᠵᠢᠬᠦ᠂ ᠬᠥᠳᠡᠯᠦᠩᠭᠦᠢ | ᠤᠷᠢᠳᠴᠢᠯᠠᠨ ᠰᠡᠷᠡᠮᠵᠢᠯᠡᠭᠦᠯᠬᠦ᠂ ᠪᠦᠲᠦᠮᠵᠢᠲᠡᠢ ᠰᠢᠢᠳᠪᠦᠷᠢᠯᠡᠬᠦ ᠶᠢ ᠬᠡᠷᠡᠭᠵᠢᠭᠦᠯᠵᠦ᠂ ᠠᠮᠤᠷ ᠲᠦᠪᠰᠢᠨ ᠤ ᠬᠡᠮ | ᠰᠣᠭᠤᠭ ᠢ ᠦᠨᠡᠨᠬᠦ ᠠᠷᠢᠯᠭᠠᠨ᠎ᠠ᠃ | ᠭᠤᠷᠪᠠ ᠳᠤ᠂ ᠰᠢᠨ᠎ᠡ ᠮᠠᠶ᠋ᠢᠭ ᠤᠨ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠮᠡᠳᠡᠭᠡ ᠵᠠᠩᠭᠢᠵᠢᠯᠲᠠ᠂ ᠲᠣᠭᠠᠴᠢᠯᠠᠯᠲᠠ ᠶᠢᠨ ᠠᠷᠭ᠎ᠠ ᠪᠠᠷᠢᠯ ᠢ | ᠬᠡᠷᠡᠭᠯᠡᠨ᠂ ᠰᠠᠭᠤᠷᠢ ᠲᠥᠬᠦᠭᠡᠷᠦᠮᠵᠢ ᠶᠢᠨ ᠣᠶᠤᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠢᠷᠡᠯᠲᠡ᠄ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ |