| | | ᠵᠣᠴᠢᠨ᠄ ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ | ᠰᠤᠷᠪᠤᠯᠵᠢᠯᠠᠭᠰᠠᠨ ᠴᠠᠭ᠄ 2025 ᠣᠨ ᠤ 5 ᠳ᠋ᠤᠭᠠᠷ ᠰᠠᠷ᠎ᠠ ᠶᠢᠨ 16 ᠤ ᠡᠳᠦᠷ | | ᠬᠠᠮᠢᠶᠠᠷᠤᠭᠴᠢ᠄ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠵᠠᠮ ᠬᠠᠷᠢᠯᠴᠠᠭ᠎ᠠ ᠶᠢᠨ ᠨᠡᠪᠲᠡᠷᠡᠭᠦᠯᠭᠡ ᠶᠢᠨ ᠬᠠᠮᠲᠤᠷᠠᠭᠰᠠᠨ | ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠨ | ᠲᠠᠢ ᠦᠵᠡᠯ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠶ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠬᠥᠲᠥᠯᠥᠭᠴᠢ᠄ | ᠶᠠᠭᠤᠨ ᠤ ᠲᠥᠯᠥᠭᠡ ︽ᠬᠠᠶᠠᠭᠳᠠᠮᠠᠯ ᠦᠭᠡᠢ ᠬᠤᠲᠠ︾ ᠶᠢ ᠪᠦᠲᠦᠭᠡᠨ ᠪᠠᠶᠢᠭᠤᠯᠬᠤ ᠪᠣᠢ︖ ᠯᠢ ᠶᠦᠩ | ᠱᠧᠩ᠄ | ᠪᠦᠬᠦ ᠳᠡᠯᠡᠬᠡᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠡᠭᠦᠰᠬᠡᠬᠦ ᠬᠠᠮᠤᠭ ᠤᠨ ᠶᠡᠭᠡ ᠤᠯᠤᠰ ᠤᠨ ᠨᠢᠭᠡ | ᠪᠣᠯᠣᠭᠰᠠᠨ ᠮᠠᠨ ᠤ ᠤᠯᠤᠰ ᠤᠨ ᠵᠢᠯ ᠪᠦᠷᠢ ᠶᠢᠨ ᠭᠠᠷᠭᠠᠬᠤ ᠬᠠᠲᠠᠭᠤ ᠪᠡᠶᠡᠲᠦ ᠬᠠᠶᠠᠭᠳᠠᠮᠠᠯ ᠪᠣᠳᠠᠰ 100 | ᠳ᠋ᠦᠩᠰᠢᠭᠤᠷ ᠲᠣᠨ ᠢ ᠳᠠᠪᠠᠵᠤ᠂ ᠲᠡᠦᠬᠡᠨ ᠳᠡᠭᠡᠷ᠎ᠡ ᠦᠯᠡᠳᠡᠵᠦ ᠪᠠᠶᠢᠭ᠎ᠠ ᠶᠡᠷᠦᠩᠬᠡᠢ ᠬᠡᠮᠵᠢᠶ᠎ᠡ 600 | ᠳ᠋ᠦᠩᠰᠢᠭᠤᠷ ᠠᠴᠠ 700 ᠳ᠋ᠦᠩᠰᠢᠭᠤᠷ ᠲᠣᠨ ᠪᠠᠶᠢᠨ᠎ᠠ᠃ ᠮᠠᠨ ᠤ ᠬᠤᠲᠠ ᠴᠦ ᠠᠳᠠᠯᠢᠬᠠᠨ ︽ᠭᠠᠷᠭᠠᠬᠤ ᠨᠢ | ᠣᠯᠠᠨ᠂ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠨᠢ ᠳᠣᠣᠷ᠎ᠠ᠂ ᠦᠵᠦᠭᠦᠷ ᠤᠨ ᠰᠢᠢᠳᠪᠦᠷᠢᠯᠡᠬᠦ ᠴᠢᠳᠠᠪᠤᠷᠢ | ᠳᠣᠷᠣᠢ︾ ᠵᠡᠷᠭᠡ ᠭᠤᠷᠪᠠᠨ ᠶᠡᠭᠡ ᠳᠠᠷᠤᠭᠠᠰᠤ ᠳᠤ ᠲᠤᠯᠭᠠᠷᠠᠵᠤ ᠪᠠᠶᠢᠨ᠎ᠠ᠃ ︽ᠬᠠᠶᠠᠭᠳᠠᠮᠠᠯ ᠦᠭᠡᠢ ᠬᠤᠲᠠ︾ ᠶᠢᠨ | ᠪᠦᠲᠦᠭᠡᠨ ᠪᠠᠶᠢᠭᠤᠯᠤᠯᠲᠠ ᠨᠢ ᠶᠠᠭ ᠡᠨᠡᠬᠦ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠤᠨ | ᠪᠦᠲᠦᠴᠡ ᠶᠢᠨ ᠴᠢᠨᠠᠷᠲᠠᠢ ᠵᠥᠷᠢᠴᠡᠯ ᠢ ᠰᠢᠢᠳᠪᠦᠷᠢᠯᠡᠬᠦ ᠵᠠᠩᠭᠢᠯᠠᠭ᠎ᠠ ᠶᠢᠨ ᠭᠠᠷᠳᠠᠴᠠ ᠪᠣᠯᠵᠤ ᠪᠠᠶᠢᠨ᠎ᠠ᠃ | ᠬᠥᠲᠥᠯᠥᠭᠴᠢ᠄ | ︽ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠨᠢ ᠬᠥᠬᠡᠬᠤᠲᠠ ᠳᠤ ᠶᠠᠮᠠᠷ ᠪᠠᠶᠢᠯᠳᠤᠬᠤ | ᠪᠣᠳᠣᠯᠭ᠎ᠠ ᠶᠢᠨ ᠠᠴᠢ ᠬᠤᠯᠪᠣᠭᠳᠠᠯ ᠲᠠᠢ ᠪᠣᠢ︖ | ᠯᠢ ᠶᠦᠩ ᠱᠧᠩ᠄ | ᠡᠨᠡ ᠪᠣᠯ ᠨᠢᠭᠡᠨ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠬᠤ ᠠᠮᠢᠳᠤᠯᠢᠭ ᠦᠢᠯᠡᠳᠦᠯᠭᠡ | ᠮᠥᠨ᠃ ᠤᠯᠤᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢ ᠣᠨᠣᠪᠴᠢᠲᠠᠢ ᠴᠤᠤᠷᠢᠶᠠᠳᠤᠭᠰᠠᠨ | ᠴᠤᠤᠷᠢᠶ᠎ᠠ᠂ ᠨᠡᠩ ᠴᠦ ᠬᠤᠲᠠ ᠶᠢᠨ ᠬᠥᠭᠵᠢᠯᠲᠡ ᠶᠢᠨ ᠵᠠᠭᠪᠤᠷ ᠲᠤ ᠬᠤᠪᠢᠷᠠᠯᠲᠠ ᠭᠠᠷᠭᠠᠬᠤ ᠵᠠᠩᠭᠢᠯᠠᠭ᠎ᠠ ᠶᠢᠨ | ᠪᠠᠶᠢᠷᠢᠰᠢᠭᠤᠯᠤᠯᠲᠠ ᠪᠣᠯᠣᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠦᠬᠦ ᠬᠡᠯᠬᠢᠶ᠎ᠡ ᠶᠢ ᠵᠢᠷᠤᠮᠵᠢᠭᠤᠯᠤᠨ | ᠬᠠᠮᠢᠶᠠᠷᠬᠤ ᠰᠢᠰᠲ᠋ᠧᠮᠵᠢ ᠶᠢ ᠪᠠᠶᠢᠭᠤᠯᠬᠤ ᠪᠠᠷ ᠳᠠᠮᠵᠢᠨ᠂ ᠬᠥᠬᠡᠬᠤᠲᠠ ᠶᠠᠭ ︽ᠬᠡᠮᠵᠢᠶ᠎ᠡ ᠶᠢ ᠪᠠᠭᠠᠰᠬᠠᠨ ᠥᠪᠡᠷ ᠤᠨ | ᠥᠷᠲᠡᠭ ᠢ ᠪᠠᠭᠤᠷᠠᠭᠤᠯᠬᠤ᠂ ᠡᠬᠢ ᠪᠠᠶᠠᠯᠢᠭᠵᠢᠭᠤᠯᠤᠨ ᠥᠷᠲᠡᠭ ᠲᠠᠢ ᠪᠣᠯᠭᠠᠬᠤ᠂ ᠬᠤᠣᠷ ᠦᠭᠡᠶᠢᠳᠡᠭᠦᠯᠦᠨ | ᠬᠤᠷᠢᠭ᠎ᠠ ᠶᠢ ᠰᠠᠬᠢᠬᠤ︾ ᠰᠢᠨ᠎ᠡ ᠵᠠᠮ ᠢ ᠰᠦᠪᠡᠭᠴᠢᠯᠡᠵᠦ ᠪᠠᠶᠢᠨ᠎ᠠ᠄ ᠨᠢᠭᠡ ᠲᠠᠯ᠎ᠠ ᠪᠠᠷ᠂ ᠨᠡᠭᠦᠷᠡᠰᠦᠨ ᠤ ᠨᠤᠨᠳᠠᠭ | ᠦᠨᠡᠰᠦ᠂ ᠰᠦ ᠶᠢᠨ ᠦᠢᠯᠡᠰ ᠤᠨ ᠦᠢᠯᠡᠳᠪᠦᠷᠢᠯᠡᠯ ᠤᠨ ᠬᠠᠶᠠᠭᠳᠠᠮᠠᠯ ᠰᠢᠭᠠᠷᠤ ᠵᠡᠷᠭᠡ ︽ᠬᠤᠲᠠ ᠶᠢᠨ ᠬᠠᠶᠠᠭᠳᠠᠮᠠᠯ | ᠪᠣᠳᠠᠰ︾ ᠢ ᠪᠠᠷᠢᠯᠭ᠎ᠠ ᠶᠢᠨ ᠮᠠᠲ᠋ᠧᠷᠢᠶᠠᠯ᠂ ᠪᠣᠷᠳᠣᠭᠤᠷ ᠵᠡᠷᠭᠡ ︽ᠡᠬᠢ ᠪᠠᠶᠠᠯᠢᠭ ᠤᠨ ᠪᠦᠲᠦᠭᠡᠭᠳᠡᠭᠦᠨ︾ ᠪᠣᠯᠭᠠᠨ | ᠬᠤᠪᠢᠷᠠᠭᠤᠯᠵᠤ᠂ ᠬᠠᠩᠭᠠᠯᠭ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠳᠤ ᠰᠢᠭᠤᠳ ᠦᠢᠯᠡᠴᠢᠯᠡᠭᠦᠯᠦᠨ᠎ᠡ᠃ | ᠨᠥᠭᠦᠭᠡ ᠲᠠᠯ᠎ᠠ ᠪᠠᠷ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠠᠰᠠᠬᠤ ᠣᠳᠣᠬᠢᠴᠢᠯᠠᠯᠲᠠ ᠪᠠᠷ ᠠᠮᠢ ᠠᠬᠤᠢ ᠶᠢᠨ | ᠣᠷᠴᠢᠨ ᠲᠣᠭᠤᠷᠢᠨ ᠤ ᠶᠠᠰᠤ ᠴᠢᠨᠠᠷ ᠤᠨ ᠦᠰᠦᠷᠦᠯᠲᠡ ᠶᠢ ᠠᠬᠢᠭᠤᠯᠵᠤ᠂ ︽ᠠᠵᠤ ᠠᠬᠤᠢ ᠶᠢᠨ ᠴᠢᠨᠠᠷ ᠲᠠᠢ | ᠬᠥᠭᠵᠢᠯᠲᠡ︾ ᠪᠣᠯᠣᠨ ︽ᠠᠮᠢ ᠠᠬᠤᠢ ᠶᠢᠨ ᠴᠢᠨᠠᠷ ᠲᠠᠢ ᠬᠠᠮᠠᠭᠠᠯᠠᠯᠲᠠ︾ ᠬᠤᠶᠠᠷ ᠢ ᠵᠡᠷᠭᠡ ᠪᠡᠶᠡᠯᠡᠭᠦᠯᠬᠦ ᠳᠤ | ᠲᠤᠰᠠᠯᠠᠨ᠎ᠠ᠃ | ᠬᠥᠲᠥᠯᠥᠭᠴᠢ᠄ | ︽ᠬᠠᠶᠠᠭᠳᠠᠮᠠᠯ ᠦᠭᠡᠢ ᠬᠤᠲᠠ︾ ᠭᠡᠳᠡᠭ ᠨᠢ ᠴᠣᠬᠤᠮ ᠶᠠᠭᠤ ᠶᠢ ᠬᠡᠯᠡᠵᠦ ᠪᠠᠶᠢᠬᠤ ᠪᠣᠢ︖ ᠯᠢ ᠶᠦᠩ | ᠱᠧᠩ᠄ | ︽ᠬᠠᠶᠠᠭᠳᠠᠮᠠᠯ ᠦᠭᠡᠢ ᠬᠤᠲᠠ︾ ᠭᠡᠳᠡᠭ ᠨᠢ ᠬᠠᠶᠠᠭᠳᠠᠮᠠᠯ ᠡᠭᠦᠰᠬᠡᠬᠦ ᠦᠭᠡᠢ ᠶᠢ ᠬᠥᠭᠡᠭᠡᠴᠡᠯᠳᠦᠵᠦ ᠪᠠᠶᠢᠭ᠎ᠠ | ᠪᠢᠰᠢ᠂ ᠬᠠᠷᠢᠨ ︽ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠣᠬᠢᠷᠲᠤᠯ ᠦᠭᠡᠢ᠂ ᠨᠡᠭᠡᠭᠡᠯᠲᠡ ᠲᠠᠢ᠂ ᠬᠤᠪᠢᠶᠠᠯᠴᠠᠬᠤ | ︾ ᠪᠠᠷ ᠤᠳᠤᠷᠢᠳᠤᠮᠵᠢ ᠪᠣᠯᠭᠠᠭᠰᠠᠨ ᠬᠤᠲᠠ ᠶᠢᠨ ᠬᠥᠭᠵᠢᠯᠲᠡ ᠶᠢᠨ ᠰᠢᠨ᠎ᠡ ᠦᠯᠢᠭᠡᠷ ᠢ ᠬᠡᠯᠡᠵᠦ ᠪᠠᠶᠢᠨ᠎ᠠ᠃ | ᠲᠡᠭᠦᠨ ᠤ ᠭᠤᠣᠯ ᠨᠢ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠰᠢᠰᠲ᠋ᠧᠮ ᠲᠠᠢ | ᠥᠭᠡᠷᠡᠴᠢᠯᠡᠯᠲᠡ ᠪᠠᠷ ᠳᠠᠮᠵᠢᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ︽ᠬᠠᠮᠤᠭ ᠪᠠᠭ᠎ᠠ ᠬᠡᠮᠵᠢᠶ᠎ᠡ ᠪᠠᠷ | ᠭᠠᠷᠭᠠᠬᠤ᠂ ᠬᠠᠮᠤᠭ ᠶᠡᠭᠡ ᠬᠡᠮᠵᠢᠶ᠎ᠡ ᠪᠠᠷ ᠡᠬᠢ ᠪᠠᠶᠠᠯᠢᠭᠵᠢᠭᠤᠯᠬᠤ᠂ ᠠᠶᠤᠯᠭᠦᠢ ᠰᠢᠢᠳᠪᠦᠷᠢᠯᠡᠬᠦ︾ ᠶᠢᠨ | ᠲᠡᠩᠴᠡᠭᠦᠷᠢ ᠶᠢ ᠪᠠᠲᠤᠯᠠᠬᠤ ᠳᠤ ᠪᠤᠢ᠃ | ᠬᠥᠲᠥᠯᠥᠭᠴᠢ᠄ | ︽ᠬᠠᠶᠠᠭᠳᠠᠮᠠᠯ ᠦᠭᠡᠢ ᠬᠤᠲᠠ︾ ᠶᠢ ᠪᠦᠲᠦᠭᠡᠨ ᠪᠠᠶᠢᠭᠤᠯᠬᠤ ᠬᠠᠷᠠᠯᠲᠠ ᠶᠢ ᠬᠡᠷᠬᠢᠨ ᠨᠤᠷᠮᠠᠵᠢᠭᠤᠯᠬᠤ ᠪᠣᠢ︖ | ᠯᠢ ᠶᠦᠩ ᠱᠧᠩ᠄ | ︽ᠬᠡᠷᠡᠭᠵᠢᠭᠦᠯᠬᠦ ᠠᠷᠭ᠎ᠠ︾ ᠳᠤ ︽ᠨᠡᠭᠦᠷᠡᠰᠦᠲᠥ᠋ᠷᠥᠭᠴᠢ ᠶᠢ ᠳᠣᠷᠣᠭᠰᠢᠯᠠᠭᠤᠯᠤᠨ ᠪᠣᠬᠢᠷᠲᠤᠯ ᠢ ᠪᠠᠭᠠᠰᠬᠠᠬᠤ᠂ | ᠠᠵᠤ ᠦᠢᠯᠡᠰ ᠪᠠ ᠠᠮᠢ ᠠᠬᠤᠢ ᠶᠢ ᠠᠭᠤᠰᠤᠯᠴᠠᠭᠤᠯᠬᠤ︾ ᠪᠠᠷ ᠤᠳᠤᠷᠢᠳᠤᠮᠵᠢ ᠪᠣᠯᠭᠠᠵᠤ᠂ ︽5 + 16 + | 49︾ ᠶᠢᠨ ᠭᠤᠷᠪᠠᠨ ᠲᠡᠰ ᠤᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠭᠤᠣᠯᠳᠠᠭᠤ ᠳᠣᠣᠷᠠᠬᠢ | ᠮᠡᠲᠦ ᠲᠠᠪᠤᠨ ᠶᠡᠭᠡ ᠬᠦᠷᠢᠶᠡᠨ ᠳᠤ ᠲᠥᠪᠯᠡᠷᠡᠵᠡᠢ᠄ | 1. ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠄ 2025 ᠣᠨ ᠪᠣᠯᠬᠤ ᠳᠤ ᠠᠵᠤ | ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠤᠷᠮ᠎ᠠ 60% | ᠳᠡᠭᠡᠷ᠎ᠡ ᠲᠣᠭᠲᠠᠪᠤᠷᠢᠵᠢᠵᠤ᠂ ᠨᠡᠭᠦᠷᠡᠰᠦᠨ ᠤ ᠨᠤᠨᠳᠠᠭ ᠦᠨᠡᠰᠦ ᠶᠢ ᠭᠠᠳᠠᠭᠰᠢ ᠵᠥᠭᠡᠭᠡᠬᠦ ᠴᠢᠳᠠᠪᠤᠷᠢ ᠪᠠ | ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢᠯᠡᠳᠲᠡ ᠳᠡᠭᠡᠭᠰᠢᠯᠡᠨ᠎ᠡ᠃ | 2. ᠲᠠᠷᠢᠶᠠᠯᠠᠩ ᠤᠨ ᠬᠠᠶᠠᠭᠳᠠᠮᠠᠯ ᠪᠣᠳᠠᠰ᠄ ᠡᠰᠢ ᠰᠦᠷᠡᠯ᠂ ᠠᠮᠢᠲᠠᠨ ᠵᠢᠭᠦᠷᠲᠡᠨ ᠤ ᠢᠯᠭᠠᠳᠠᠰᠤ ᠶᠢᠨ | ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠤᠷᠮ᠎ᠠ ᠴᠥᠮ 90% ᠬᠦᠷᠴᠦ᠂ ᠲᠠᠷᠢᠶᠠᠯᠠᠩ ᠤᠨ ᠪᠦᠷᠬᠦᠪᠴᠢ ᠶᠢ | ᠬᠤᠷᠢᠶᠠᠨ ᠠᠪᠬᠤ ᠨᠤᠷᠮ᠎ᠠ 85% ᠪᠤᠯᠲᠠᠯ᠎ᠠ ᠳᠡᠭᠡᠭᠰᠢᠯᠡᠨ᠎ᠡ᠃ | 3. ᠠᠮᠢᠳᠤᠷᠠᠯ ᠤᠨ ᠢᠷᠡᠯᠲᠡ ᠲᠠᠢ ᠬᠠᠲᠠᠭᠤ ᠪᠡᠶᠡᠲᠦ ᠬᠠᠶᠠᠭᠳᠠᠮᠠᠯ ᠪᠣᠳᠠᠰ᠄ ᠠᠮᠢᠳᠤᠷᠠᠯ ᠤᠨ ᠬᠤᠭ | ᠨᠣᠪᠰᠢ ᠶᠢ ᠬᠤᠷᠢᠶᠠᠨ ᠠᠪᠴᠤ ᠠᠰᠢᠭᠯᠠᠬᠤ ᠨᠤᠷᠮ᠎ᠠ 35% ᠬᠦᠷᠴᠦ᠂ ᠰᠢᠲᠠᠭᠠᠵᠤ ᠰᠢᠢᠳᠪᠦᠷᠢᠯᠡᠬᠦ | ᠴᠢᠳᠠᠪᠤᠷᠢ ᠶᠢᠨ ᠡᠵᠡᠯᠡᠬᠦ ᠬᠤᠪᠢ ᠶᠢᠨ ᠵᠢᠩ 75% ᠪᠣᠯᠲᠠᠯ᠎ᠠ ᠳᠡᠭᠡᠭᠰᠢᠯᠡᠨ᠎ᠡ᠃ | 4. ᠪᠠᠷᠢᠯᠭ᠎ᠠ ᠶᠢᠨ ᠬᠤᠭ ᠨᠣᠪᠰᠢ᠄ ᠡᠬᠢ ᠪᠠᠶᠠᠯᠢᠭᠵᠢᠭᠤᠯᠤᠨ ᠠᠰᠢᠭᠯᠠᠬᠤ ᠨᠤᠷᠮ᠎ᠠ 60% ᠪᠣᠯᠲᠠᠯ᠎ᠠ | ᠳᠡᠭᠡᠭᠰᠢᠯᠡᠵᠦ᠂ ᠰᠢᠨ᠎ᠡ ᠪᠠᠶᠢᠭᠤᠯᠤᠭᠰᠠᠨ ᠨᠣᠭᠤᠭᠠᠨ ᠪᠠᠷᠢᠯᠭ᠎ᠠ ᠶᠢᠨ ᠡᠵᠡᠯᠡᠬᠦ ᠬᠤᠪᠢ ᠶᠢᠨ ᠵᠢᠩ 35% ᠬᠦᠷᠦᠨ᠎ᠡ᠃ | 5. ᠠᠶᠤᠯ ᠲᠠᠢ ᠬᠠᠶᠠᠭᠳᠠᠮᠠᠯ ᠪᠣᠳᠠᠰ᠄ ᠵᠢᠷᠤᠮᠵᠢᠯ ᠲᠠᠢ ᠬᠠᠮᠢᠶᠠᠷᠤᠯᠲᠠ ᠶᠢᠨ ᠪᠠᠶᠢᠴᠠᠭᠠᠯᠲᠠ ᠳᠤ ᠬᠢᠷᠢ | ᠲᠡᠩᠴᠡᠬᠦ ᠨᠤᠷᠮ᠎ᠠ 100% ᠪᠠᠨ ᠪᠠᠲᠤᠯᠠᠵᠤ᠂ ᠡᠮᠨᠡᠯᠭᠡ ᠶᠢᠨ ᠬᠠᠶᠠᠭᠳᠠᠮᠠᠯ ᠪᠣᠳᠠᠰ ᠤᠨ ᠪᠦᠬᠦ ᠶᠠᠪᠤᠴᠠ ᠶᠢ ᠮᠡᠳᠡᠭᠡ | ᠵᠠᠩᠭᠢ ᠶᠢᠨ ᠮᠡᠷᠭᠡᠵᠢᠯ ᠢᠶᠠᠷ ᠬᠢᠨᠠᠵᠤ ᠬᠠᠮᠢᠶᠠᠷᠤᠨ᠎ᠠ᠃ | ᠬᠥᠲᠥᠯᠥᠭᠴᠢ᠄ | ᠣᠳᠣ ᠪᠣᠯᠲᠠᠯ᠎ᠠ᠂ ᠮᠠᠨ ᠤ ᠬᠤᠲᠠ ᠶᠠᠮᠠᠷ ᠶᠠᠮᠠᠷ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠣᠭᠰᠠᠨ | ᠪᠣᠢ︖ | ᠯᠢ ᠶᠦᠩ ᠱᠧᠩ᠄ | ᠬᠤᠶᠠᠷ ᠵᠢᠯ ᠤᠨ ᠦᠢᠯᠡᠳᠦᠯᠭᠡ ᠪᠠᠷ ᠳᠠᠮᠵᠢᠨ᠂ ᠬᠥᠬᠡᠬᠤᠲᠠ ᠶᠢᠨ ᠭᠠᠵᠠᠷ ᠨᠤᠲᠤᠭ ᠳᠡᠭᠡᠷ᠎ᠡ ᠶᠠᠭ ︽ | ᠬᠠᠶᠠᠭᠳᠠᠮᠠᠯ ᠦᠭᠡᠢ ᠶᠢᠨ ᠬᠤᠪᠢᠷᠠᠯᠲᠠ︾ ᠭᠠᠷᠴᠤ ᠪᠠᠶᠢᠨ᠎ᠠ᠄ | ︵ᠨᠢᠭᠡ︶ ᠠᠵᠤ ᠦᠢᠯᠡᠳᠪᠦᠷᠢ ᠶᠢᠨ ᠬᠦᠷᠢᠶᠡᠨ ᠳᠤ᠄ ︽ᠬᠠᠶᠠᠭᠳᠠᠮᠠᠯ ᠭᠠᠷᠭᠠᠬᠤ ᠶᠡᠭᠡ ᠡᠷᠦᠬᠡ︾ ᠠᠴᠠ ︽ | ᠣᠷᠴᠢᠯ ᠤᠨ ᠳᠠᠭᠤᠷᠢᠶᠠᠯ︾ ᠤᠨ ᠬᠤᠪᠢᠷᠠᠯᠲᠠ᠃ | ︵ᠬᠤᠶᠠᠷ︶ ᠲᠠᠷᠢᠶᠠᠯᠠᠩ ᠬᠥᠳᠡᠭᠡ ᠲᠣᠰᠬᠤᠨ᠄ ᠠᠮᠢ ᠠᠬᠤᠢ ᠶᠢᠨ ᠣᠷᠴᠢᠯ ᠳᠠᠭᠤᠷᠢᠶᠠᠯ ᠪᠣᠯᠵᠤ ᠪᠠᠶᠢᠨ᠎ᠠ᠃ | ︵ᠭᠤᠷᠪᠠ︶ ᠠᠮᠢᠳᠤᠷᠠᠯ ᠪᠠ ᠪᠠᠷᠢᠯᠭ᠎ᠠ᠄ ᠭᠠᠷᠭᠠᠬᠤ ᠬᠡᠮᠵᠢᠶ᠎ᠡ ᠨᠢᠳᠦᠨ ᠳᠤ ᠦᠵᠡᠭᠳᠡᠮ᠎ᠡ ᠪᠠᠭᠠᠰᠴᠤ ᠪᠠᠶᠢᠨ᠎ᠠ᠃ | ︵ᠳᠥᠷᠪᠡ︶ ᠨᠡᠶᠢᠭᠡᠮ ᠤᠨ ᠬᠠᠮᠲᠤ ᠶᠢᠨ ᠵᠠᠰᠠᠯᠲᠠ᠄ ︽ᠬᠠᠶᠠᠭᠳᠠᠮᠠᠯ ᠦᠭᠡᠢ ᠶᠢᠨ ᠣᠨᠣᠯᠵᠢᠬᠤᠨ︾ ᠬᠥᠮᠥᠨ | ᠪᠦᠬᠦᠨ ᠤ ᠰᠡᠳᠬᠢᠯ ᠳᠤ ᠣᠷᠣᠵᠤ ᠪᠠᠶᠢᠨ᠎ᠠ᠃ | ᠬᠥᠲᠥᠯᠥᠭᠴᠢ᠄ | ︽ᠬᠠᠶᠠᠭᠳᠠᠮᠠᠯ ᠦᠭᠡᠢ ᠡᠰ︾ ᠭᠡᠭᠴᠢ ᠨᠢ ᠶᠠᠭᠤ ᠪᠤᠢ︖ ᠶᠠᠭᠠᠬᠢᠭᠠᠳ ︽ᠬᠠᠶᠠᠭᠳᠠᠮᠠᠯ ᠦᠭᠡᠢ ᠬᠤᠲᠠ︾ | ᠶᠢᠨ ᠦᠨᠳᠦᠰᠦᠨ ᠰᠠᠭᠤᠷᠢ ᠭᠡᠵᠦ ᠬᠡᠯᠡᠳᠡᠭ ᠪᠤᠢ︖ | ᠯᠢ ᠶᠦᠩ ᠱᠧᠩ᠄ | ︽ᠬᠠᠶᠠᠭᠳᠠᠮᠠᠯ ᠦᠭᠡᠢ ᠡᠰ︾ ᠪᠣᠯ ︽ᠬᠠᠶᠠᠭᠳᠠᠮᠠᠯ ᠦᠭᠡᠢ ᠬᠤᠲᠠ︾ ᠶᠢ ᠪᠦᠷᠢᠯᠳᠦᠭᠦᠯᠬᠦ ᠪᠢᠴᠢᠯ ᠨᠢᠭᠡᠴᠢ | ᠮᠥᠨ᠂ ᠶᠠᠭ ᠯᠠ ᠬᠥᠮᠥᠨ ᠤ ᠪᠡᠶ᠎ᠡ ᠶᠢᠨ ᠡᠰ ᠠᠮᠢ ᠨᠠᠰᠤ ᠡᠷᠡᠭᠦᠯ ᠴᠢᠭᠢᠷᠠᠭ ᠢ ᠲᠤᠯᠭᠠᠭᠤᠷᠢᠯᠠᠵᠤ ᠪᠠᠶᠢᠭ᠎ᠠ ᠠᠳᠠᠯᠢ᠂ | ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠰᠤᠷᠭᠠᠭᠤᠯᠢ ᠵᠡᠷᠭᠡ ᠡᠯ᠎ᠡ ᠲᠥᠷᠥᠯ ᠤᠨ ᠦᠢᠯᠡᠳᠪᠦᠷᠢᠯᠡᠯ | ᠠᠮᠢᠳᠤᠷᠠᠯ ᠤᠨ ᠨᠢᠭᠡᠴᠢ ᠶᠢ ᠪᠠᠭᠲᠠᠭᠠᠵᠤ᠂ ᠭᠤᠣᠯ ᠨᠢ ︽ᠪᠠᠭ᠎ᠠ ᠨᠢᠭᠡᠴᠢ︾ ᠶᠢᠨ ᠬᠠᠶᠠᠭᠳᠠᠮᠠᠯ ᠢ ᠪᠠᠭᠠᠰᠬᠠᠬᠤ | ᠦᠢᠯᠡᠳᠦᠯᠭᠡ ᠳᠤᠮᠳᠠ ᠪᠦᠬᠦ ᠨᠡᠶᠢᠭᠡᠮ ᠤᠨ ᠨᠣᠭᠤᠭᠠᠨ ᠭᠧᠨ ᠢ ᠬᠥᠮᠥᠵᠢᠭᠦᠯᠬᠦ ᠳᠤ ᠪᠣᠢ᠃ ︽ᠬᠠᠶᠠᠭᠳᠠᠮᠠᠯ ᠭᠠᠷᠭᠠᠬᠤ | ᠦᠭᠡᠢ︾ ᠶᠢ ᠬᠥᠭᠡᠭᠡᠴᠡᠯᠳᠦᠬᠦ ᠪᠢᠰᠢ᠂ ᠬᠠᠷᠢᠨ ᠡᠬᠢ ᠠᠴᠠ ᠨᠢ ᠪᠠᠭᠠᠰᠬᠠᠬᠤ᠂ ᠤᠷᠴᠢᠯᠳᠤᠭᠤᠯᠤᠨ ᠠᠰᠢᠭᠯᠠᠬᠤ᠂ | ᠤᠬᠠᠭᠤᠯᠵᠤ ᠬᠥᠲᠥᠯᠥᠨ ᠵᠢᠯᠣᠭᠤᠳᠬᠤ ᠪᠠᠷ ᠳᠠᠮᠵᠢᠨ ᠡᠯ᠎ᠡ ᠨᠢᠭᠡᠴᠢ ᠶᠢᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠤᠨ ᠬᠠᠮᠢᠶᠠᠷᠤᠯᠲᠠ ᠶᠢ ᠬᠠᠮᠤᠭ ᠤᠨ ᠲᠣᠬᠢᠷᠠᠮᠵᠢᠲᠠᠢ ᠪᠣᠯᠭᠠᠨ᠎ᠠ᠃ | |