ᠲᠣᠭᠲᠠᠬᠤ ᠰᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 104 ᠵᠢᠯ ᠤᠨ ᠣᠶ ᠶᠢ ᠪᠡᠯᠭᠡᠯᠡᠬᠦ ᠵᠢᠴᠢ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ ᠶᠢ ᠳᠤᠷᠠᠰᠬᠠᠬᠤ ᠤᠷᠠᠨ ᠰᠠᠶᠢᠬᠠᠨ ᠤ ᠲᠣᠭᠯᠠᠯᠲᠠ ᠡᠷᠬᠢᠯᠡᠪᠡ
ᠨᠡᠶᠢᠲᠡᠯᠡᠭᠰᠡᠨ ᠴᠠᠭ᠄
2025/6/30
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 104 ᠵᠢᠯ ᠤᠨ ᠣᠶ ᠶᠢ ᠪᠡᠯᠭᠡᠯᠡᠵᠦ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ ᠶᠢ ᠲᠤᠷᠠᠰᠬᠠᠵᠤ᠂ ᠰᠢᠨ᠎ᠡ ᠴᠠᠭ ᠦᠶ᠎ᠡ ᠶᠢᠨ ᠨᠠᠰᠤᠲᠠᠶᠢᠴᠤᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠶᠢᠨ ᠲᠦᠯᠦᠭᠡ᠂ 6 ᠳ᠋ᠤᠭᠠᠷ ᠰᠠᠷ᠎ᠠ ᠶᠢᠨ 26  ᠤ ᠡᠳᠦᠷ᠂ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ᠂ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠭᠤᠤᠯᠴᠢᠯᠠᠨ ᠡᠷᠬᠢᠯᠡᠵᠦ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ᠂ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠰᠢᠶᠠᠨ ᠤ ᠬᠠᠮ ᠵᠠᠭᠤᠴᠢᠯᠠᠭᠤᠷ ᠤᠨ ᠲᠥᠪ ᠠᠴᠠ ᠬᠠᠮᠵᠢᠨ ᠡᠷᠬᠢᠯᠡᠭᠰᠡᠨ ︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 104 ᠵᠢᠯ ᠤᠨ ᠤᠢ ᠶᠢ ᠪᠡᠯᠭᠡᠯᠡᠬᠦ ᠵᠢᠴᠢ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ︾ ᠤᠷᠠᠨ ᠰᠠᠶᠢᠬᠠᠨ ᠤ ᠲᠣᠭᠯᠠᠯᠲᠠ ᠲᠣᠭᠲᠠᠬᠤ ᠰᠣᠶᠣᠯ ᠤᠨ ᠲᠠᠯᠠᠪᠠᠢ ᠳᠤ ᠶᠠᠪᠤᠭᠳᠠᠪᠠ᠃       ᠪᠦᠬᠦ᠋ᠢᠯᠡ ᠲᠣᠭᠯᠠᠯᠲᠠ ᠶᠢ ᠬᠤᠪᠢᠰᠬᠠᠯ ᠤᠨ ᠳᠤᠷᠠᠰᠤᠮᠵᠢ᠂ ᠰᠢᠯᠦᠭ ᠲᠠᠷᠭᠤᠯᠠᠯ ᠮᠡᠳᠦ ᠣᠨ ᠰᠠᠷ᠎ᠠ᠂ ᠠᠭᠤᠤ ᠶᠡᠭᠡ ᠴᠠᠭ ᠦᠶ᠎ᠡ ᠭᠡᠬᠦ ᠭᠤᠷᠪᠠᠨ ᠬᠡᠰᠡᠭ ᠲᠤ ᠬᠤᠪᠢᠶᠠᠵᠤ᠂ ᠲᠣᠭᠯᠠᠯᠲᠠ ᠶᠢᠨ ᠬᠡᠯᠪᠡᠷᠢ ᠪᠠᠶᠠᠯᠢᠭ ᠣᠯᠠᠨ ᠶᠠᠩᠵᠤ ᠶᠢᠨ ᠪᠠᠶᠢᠳᠠᠭ᠂ ᠡᠭᠦᠨ ᠳᠤ ᠶᠡᠭᠡ ᠨᠠᠶᠢᠷᠠᠯ ᠲᠠᠭᠤᠤ᠂ ᠤᠷᠠᠨ ᠤᠩᠰᠢᠯᠭ᠎ᠠ᠂ ᠪᠥᠵᠢᠭ᠂ ᠲᠣᠭᠯᠠᠯᠲᠠ᠂ ᠬᠥᠭᠵᠢᠮᠳᠡᠭᠦᠷ ᠤᠨ ᠬᠥᠭᠵᠢᠮᠳᠡᠯ᠂ ᠭᠠᠩᠭᠠᠩ ᠬᠤᠪᠴᠠᠰᠤᠨ ᠤ ᠦᠵᠡᠭᠦᠯᠦᠯᠭᠡ ᠵᠡᠷᠭᠡ ᠬᠤᠷᠢ ᠭᠠᠷᠤᠢ ᠭᠤᠶᠢᠳᠠ ᠰᠠᠶᠢᠬᠠᠨ ᠲᠣᠭᠯᠠᠯᠲᠠ ᠪᠠᠭᠲᠠᠨ᠎ᠠ᠃ ᠲᠣᠭᠯᠠᠯᠲᠠ ᠨᠢ ᠪᠦᠬᠦ ᠲᠠᠯᠠᠪᠠᠢ ᠪᠠᠷ ᠢᠶᠠᠨ ︽ᠠᠭᠤᠤ ᠶᠡᠭᠡ ᠤᠯᠤᠰ ᠠᠭᠤᠤ ᠶᠡᠭᠡ ᠨᠠᠮ︾ ᠭᠡᠬᠦ ᠰᠦᠷ ᠵᠢᠪᠬᠤᠯᠠᠩᠲᠤ ᠳᠠᠭᠤᠤ ᠶᠢᠨ ᠳᠤᠮᠳᠠ ᠲᠡᠭᠦᠰ ᠠᠮᠵᠢᠯᠲᠠ ᠲᠠᠢ ᠥᠨᠳᠥᠷᠯᠡᠵᠦ᠂ ᠬᠤᠪᠢᠰᠬᠠᠯ ᠤᠨ ᠲᠡᠦᠬᠡ ᠶᠢ ᠳᠤᠷᠠᠰᠤᠨ ᠰᠠᠨᠠᠭᠠᠯᠵᠠᠬᠤ ᠪᠠ ᠨᠠᠮ ᠪᠣᠯᠣᠨ ᠡᠬᠡ ᠤᠯᠤᠰ ᠢᠶᠠᠨ ᠬᠢᠵᠠᠭᠠᠯᠠᠰᠢ ᠦᠭᠡᠢ ᠬᠠᠶᠢᠷᠠᠯᠠᠬᠤ ᠰᠡᠳᠬᠢᠯᠭᠡ ᠪᠠᠨ ᠭᠦᠨ ᠰᠡᠳᠬᠢᠯᠭᠡ ᠲᠠᠢ ᠪᠠᠷ ᠢᠯᠡᠳᠬᠡᠵᠡᠢ᠃      ᠡᠨᠡ ᠤᠳᠠᠭᠠᠨ ᠤ ᠠᠵᠢᠯᠯᠠᠭ᠎ᠠ ᠨᠢ ᠨᠠᠰᠤᠲᠠᠶᠢᠴᠤᠳ ᠤᠨ ᠪᠠᠶᠠᠰᠤᠩᠭᠤᠢ ᠢᠳᠡᠪᠬᠢᠲᠡᠢ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠣᠯᠠᠨ ᠲᠦᠮᠡᠨ ᠤ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠦᠷᠭᠦᠯᠵᠢᠯᠡᠨ ᠤᠯᠠᠨ ᠲᠦᠮᠡᠨ ᠲᠠᠢ ᠣᠶᠢᠷᠠᠲᠤᠭᠰᠠᠨ᠂ ᠤᠯᠠᠨ ᠤ ᠬᠦᠷᠢᠶᠡᠯᠡᠯ ᠢ ᠣᠯᠣᠭᠰᠠᠨ ᠤᠯᠠᠨ ᠲᠦᠮᠡᠨᠴᠢ ᠴᠢᠨᠠᠷᠲᠠᠢ ᠤᠳᠬ᠎ᠠ ᠤᠷᠠᠯᠢᠭ ᠤᠨ ᠠᠵᠢᠯᠯᠠᠭ᠎ᠠ ᠶᠢ ᠨᠡᠩ ᠤᠯᠠᠨ ᠵᠣᠬᠢᠶᠠᠨ ᠪᠠᠶᠢᠭᠤᠯᠵᠤ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤ ᠰᠣᠶᠣᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠪᠣᠯᠣᠨ᠎ᠠ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1