ᠰᠢ ᠶᠢᠨ ᠫᠢᠩ ᠰᠢᠩᠭᠠᠫᠤᠷ ᠤᠨ ᠶᠡᠷᠦᠩᠬᠡᠶ ᠰᠠᠶᠢᠳ ᠬᠤᠸᠠᠩ ᠰᠢᠶᠦ᠋ᠨ ᠼᠠᠢ ᠲᠠᠢ ᠠᠭᠤᠯᠵᠠᠯᠲᠠ ᠬᠢᠪᠡ
ᠨᠡᠶᠢᠲᠡᠯᠡᠭᠰᠡᠨ ᠴᠠᠭ᠄
2025/6/30
      ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 24 ᠤ ᠴᠠᠬᠢᠯᠭᠠᠨ ᠮᠡᠳᠡᠭᠡ  6 ᠳ᠋ᠤᠭᠠᠷ ᠰᠠᠷ᠎ᠠ ᠶᠢᠨ 24 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠢᠩᠭᠠᠫᠤᠷ ᠤᠨ ᠶᠡᠷᠦᠩᠬᠡᠢ ᠰᠠᠶᠢᠳ ᠬᠤᠸᠠᠩ ᠰᠢᠶᠦ᠋ᠨ ᠼᠠᠢ ᠲᠠᠢ ᠠᠭᠤᠯᠵᠠᠯᠲᠠ ᠬᠢᠪᠡ᠃
       6 ᠳ᠋ᠤᠭᠠᠷ ᠰᠠᠷ᠎ᠠ ᠶᠢᠨ 24 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠢᠩᠭᠠᠫᠤᠷ ᠤᠨ ᠶᠡᠷᠦᠩᠬᠡᠶ ᠰᠠᠶᠢᠳ ᠬᠤᠸᠠᠩ ᠰᠢᠶᠦ᠋ᠨ ᠼᠠᠢ ᠲᠠᠢ ᠠᠭᠤᠯᠵᠠᠯᠲᠠ ᠬᠢᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠤᠸᠠᠢ ᠶᠤᠸᠠᠢ ᠸᠧᠢ ᠰᠡᠭᠦᠳᠡᠷᠯᠡᠪᠡ  ᠰᠢ ᠶᠢᠨ ᠫᠢᠩ ᠬᠤᠸᠠᠩ ᠰᠢᠶᠦ᠋ᠨ ᠼᠠᠢ ᠶᠢᠨ ᠰᠣᠩᠭᠤᠭᠤᠯᠢ ᠪᠠᠷ ᠦᠷᠭᠦᠯᠵᠢᠯᠡᠨ ᠲᠤᠰᠢᠶᠠᠯ ᠬᠠᠷᠢᠭᠤᠴᠠᠬᠤ ᠪᠣᠯᠣᠭᠰᠠᠨ ᠳᠤ ᠪᠠᠶᠠᠷ ᠬᠦᠷᠭᠡᠪᠡ᠃ ᠰᠢ ᠶᠢᠨ ᠫᠢᠩ ᠵᠢᠭᠠᠵᠤ ᠭᠠᠷᠭᠠᠬᠤ ᠳᠤ ᠪᠠᠨ᠂ ᠡᠨᠡ ᠵᠢᠯ ᠪᠣᠯ ᠳᠤᠮᠳᠠᠳᠤ ᠪᠠ ᠰᠢᠩᠭᠠᠫᠤᠷ ᠤᠨ ᠭᠠᠳᠠᠭᠠᠳᠤ ᠬᠠᠷᠢᠴᠠᠭ᠎ᠠ ᠪᠠᠶᠢᠭᠤᠯᠤᠭᠰᠠᠨ 35 ᠵᠢᠯ ᠤᠨ ᠤᠢ ᠪᠣᠯᠤᠨ᠎ᠠ᠂ ᠬᠤᠶᠠᠷ ᠲᠠᠯ᠎ᠠ ᠪᠠᠷ ᠢᠶᠠᠨ ᠬᠠᠷᠢᠯᠴᠠᠨ ᠣᠶᠢᠯᠠᠭᠠᠯᠴᠠᠬᠤ᠂ ᠬᠠᠷᠢᠯᠴᠠᠨ ᠬᠦᠨᠳᠦᠳᠬᠡᠬᠦ ᠶᠢ ᠢᠮᠠᠭᠲᠠ ᠪᠠᠷᠢᠮᠲᠠᠯᠠᠵᠤ᠂ ᠳᠤᠮᠳᠠᠳᠤ ᠪᠠ ᠰᠢᠩᠭᠠᠫᠤᠷ ᠤᠨ ᠬᠠᠷᠢᠴᠠᠭᠠᠨ ᠤ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠳᠤᠮᠳᠠᠳᠤ ᠪᠠ ᠰᠢᠩᠭᠠᠫᠤᠷ ᠤᠨ ᠬᠠᠮᠲᠤᠷᠠᠯᠴᠠᠭ᠎ᠠ ᠨᠢ ᠳᠤᠮᠳᠠᠳᠤ ᠤᠯᠤᠰ ᠤᠨ ᠡᠯ᠎ᠡ ᠱᠠᠲᠤᠨ ᠳᠠᠬᠢ ᠬᠥᠭᠵᠢᠯᠲᠡ ᠶᠢᠨ ᠴᠢᠭᠯᠡᠯ ᠪᠠ ᠭᠤᠣᠯᠳᠠᠯᠭ᠎ᠠ ᠯᠤᠭ᠎ᠠ ᠨᠡᠶᠢᠴᠡᠵᠦ ᠪᠠᠶᠢᠨ᠎ᠠ᠂ ᠰᠦᠵᠧᠦ ᠶᠢᠨ ᠠᠵᠤ ᠦᠢᠯᠡᠳᠪᠦᠷᠢ ᠶᠢᠨ ᠬᠦᠷᠢᠶᠡᠯᠡᠩ ᠵᠡᠷᠭᠡ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠠᠯᠢ ᠣᠯᠠᠨ ᠡᠯᠪᠡᠭ ᠦᠷ᠎ᠡ ᠪᠦᠲᠦᠭᠡᠯ ᠢ ᠣᠯᠵᠤ᠂ ᠬᠤᠶᠠᠷ ᠤᠯᠤᠰ ᠤᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠳᠤ ᠴᠢᠬᠤᠯᠠ ᠳᠡᠮᠵᠢᠯᠭᠡ ᠦᠵᠡᠭᠦᠯᠵᠦ᠂ ᠭᠠᠵᠠᠷ ᠣᠷᠣᠨ ᠪᠠ ᠤᠯᠤᠰ ᠤᠨ ᠬᠠᠮᠲᠤᠷᠠᠯᠴᠠᠭᠠᠨ ᠳᠤ ᠳᠠᠭᠤᠷᠢᠶᠠᠯ ᠪᠣᠯᠵᠠᠶ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠠᠷᠢᠴᠠᠭᠠᠨ ᠤ ᠬᠥᠭᠵᠢᠯᠲᠡ ᠶᠢᠨ ᠲᠡᠦᠬᠡᠨ ᠶᠠᠪᠤᠴᠠ ᠠᠴᠠ ᠲᠤᠷᠰᠢᠯᠭ᠎ᠠ ᠪᠠ ᠤᠶᠤᠨ ᠤᠬᠠᠭᠠᠨ ᠰᠢᠩᠭᠡᠭᠡᠨ ᠠᠪᠴᠤ᠂ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠨ ᠪᠠᠳᠠᠷᠠᠭᠤᠯᠵᠤ᠂ ᠳᠤᠮᠳᠠᠳᠤ ᠪᠠ ᠰᠢᠩᠭᠠᠫᠤᠷ ᠤᠨ ᠨᠥᠬᠦᠷᠯᠡᠯ ᠢ ᠭᠦᠨ ᠵᠤᠵᠠᠭᠠᠨ ᠪᠥᠭᠡᠳ ᠡᠯᠪᠡᠭ ᠳᠡᠯᠪᠡᠭ ᠦᠷ᠎ᠡ ᠪᠦᠲᠦᠭᠡᠯ  ᠲᠠᠢ ᠪᠣᠯᠭᠠᠪᠠ ᠭᠡᠵᠡᠢ᠃  ᠰᠢ ᠶᠢᠨ ᠫᠢᠩ ᠴᠢᠬᠤᠯᠠᠴᠢᠯᠠᠬᠤ ᠳᠤ ᠪᠠᠨ᠂ ᠳᠤᠮᠳᠠᠳᠤ ᠪᠠ ᠰᠢᠩᠭᠠᠫᠤᠷ ᠨᠢ ᠬᠤᠶᠠᠷ ᠤᠯᠤᠰ ᠤᠨ ᠨᠥᠬᠦᠷᠯᠡᠯ ᠤᠨ ᠶᠡᠭᠡ ᠴᠢᠭᠯᠡᠯ ᠢ ᠪᠠᠲᠤ ᠡᠵᠡᠮᠳᠡᠵᠦ᠂ ᠢᠮᠠᠭᠲᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠪᠠ ᠠᠯᠤᠰ ᠤᠨ ᠬᠠᠷᠠᠭᠠᠰᠤ ᠠᠴᠠ ᠳᠤᠮᠳᠠᠳᠤ ᠪᠠ ᠰᠢᠩᠭᠠᠫᠤᠷ ᠤᠨ ᠬᠠᠷᠢᠴᠠᠭ᠎ᠠ ᠳᠤ ᠬᠠᠨᠳᠤᠨ᠂ ᠲᠡᠭᠦᠨ ᠢ ᠬᠥᠭᠵᠢᠭᠦᠯᠵᠦ᠂ ᠠᠶᠠᠯᠠᠯ ᠤᠨ ᠴᠢᠭᠯᠡᠯ ᠬᠡᠯᠪᠠᠶᠢᠬᠦ ᠦᠭᠡᠢ᠂ ᠬᠥᠳᠡᠯᠭᠡᠭᠴᠢ ᠬᠦᠴᠦᠨ ᠰᠤᠯᠠᠷᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠳᠤᠮᠳᠠᠳᠤ ᠪᠠ ᠰᠢᠩᠭᠠᠫᠤᠷ ᠤᠨ ᠨᠥᠬᠦᠷᠯᠡᠯ ᠤᠨ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠵᠦ᠂ ᠲᠤᠰ ᠲᠤᠰ ᠤᠨ ᠭᠤᠣᠯᠯᠠᠭᠴᠢ ᠠᠰᠢᠭ ᠲᠤᠰᠠ ᠪᠠ ᠠᠩᠬᠠᠷᠤᠯ ᠲᠠᠯᠪᠢᠵᠤ ᠪᠠᠶᠢᠭ᠎ᠠ ᠴᠢᠬᠤᠯᠠ ᠶᠡᠭᠡ ᠵᠦᠢᠯ ᠢ ᠳᠡᠮᠵᠢᠵᠦ᠂ ᠨᠡᠩ ᠥᠨᠳᠥᠷ ᠲᠦᠪᠰᠢᠨ ᠪᠦᠬᠦᠢ ᠤᠯᠤᠰ ᠲᠦᠷᠦ ᠶᠢᠨ ᠢᠲᠡᠭᠡᠯᠴᠡᠭᠡ ᠪᠠᠷ ᠬᠤᠶᠠᠷ ᠤᠯᠤᠰ ᠤᠨ ᠬᠠᠷᠢᠴᠠᠭᠠᠨ ᠤ ᠬᠥᠭᠵᠢᠯᠲᠡ ᠳᠤ ᠦᠢᠯᠡᠴᠢᠯᠡᠬᠦ ᠬᠡᠷᠡᠭᠲᠡᠢ᠃ ᠰᠢᠩᠭᠠᠫᠤᠷ ᠤᠨ ᠲᠠᠯ᠎ᠠ ᠶᠢᠨ ᠬᠢᠨ ᠳᠤᠮᠳᠠᠳᠤ ᠤᠯᠤᠰ ᠤᠨ ᠬᠥᠭᠵᠢᠯᠲᠡ ᠳᠤ ᠦᠷᠭᠦᠯᠵᠢᠯᠡᠨ ᠭᠦᠨᠵᠡᠭᠡᠢ ᠠᠭᠤᠰᠤᠯᠴᠠᠬᠤ ᠶᠢ ᠳᠤᠮᠳᠠᠳᠤ ᠶᠢᠨ ᠲᠠᠯ᠎ᠠ ᠪᠠᠶᠠᠷᠯᠠᠨ ᠤᠭᠲᠤᠵᠤ ᠪᠠᠶᠢᠨ᠎ᠠ᠂ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠵᠤ᠂ ᠳ᠋ᠢᠭᠢᠲ ᠠᠵᠤ ᠠᠬᠤᠢ᠂ ᠪᠣᠬᠢᠷᠲᠤᠯ ᠦᠭᠡᠢ ᠬᠥᠭᠵᠢᠯᠲᠡ᠂ ᠵᠣᠬᠢᠶᠠᠮᠠᠯ ᠤᠶᠤᠨ ᠵᠡᠷᠭᠡ ᠬᠦᠷᠢᠶᠡᠨ ᠳᠠᠬᠢ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠡᠭᠦᠳᠴᠦ᠂ ᠴᠢᠬᠤᠯᠠ ᠶᠡᠭᠡ ᠲᠦᠷᠦᠯ ᠵᠦᠢᠯ ᠤᠨ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠵᠤ᠂ ᠴᠢᠨᠠᠷ ᠰᠠᠶᠢᠲᠠᠢ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ᠃ ᠬᠤᠶᠠᠷ ᠤᠯᠤᠰ ᠤᠨ ᠠᠷᠠᠳ ᠲᠦᠮᠡᠨ ᠤ ᠦᠷᠭᠦᠯᠵᠢ ᠶᠠᠪᠤᠯᠴᠠᠵᠤ᠂ ᠬᠥᠮᠥᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠵᠣᠷᠢᠭᠵᠢᠭᠤᠯᠵᠤ ᠂ ᠳᠤᠮᠳᠠᠳᠤ ᠪᠠ ᠰᠢᠩᠭᠠᠫᠤᠷ ᠤᠨ ᠨᠥᠬᠦᠷᠰᠡᠭ ᠢ ᠬᠥᠮᠦᠰ ᠤᠨ ᠰᠡᠳᠬᠢᠯ ᠳᠤ ᠨᠡᠩ ᠬᠠᠳᠠᠩᠰᠢᠭᠤᠯᠬᠤ ᠬᠡᠷᠡᠭᠲᠡᠢ᠃ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠬᠦᠷᠲᠡᠬᠦ ᠶᠢᠨ ᠴᠠᠭ ᠦᠶ᠎ᠡ ᠶᠢᠨ ᠤᠷᠤᠰᠬᠠᠯ ᠬᠤᠷᠢᠭᠯᠠᠭᠳᠠᠰᠢ ᠦᠭᠡᠢ᠂ ᠳᠡᠯᠡᠬᠡᠢ ᠳ᠋ᠠᠬᠢᠨ ᠳᠤ ᠡᠵᠡᠷᠬᠡᠭ ᠦᠵᠡᠯ ᠢ ᠰᠡᠷᠭᠦᠭᠡᠵᠦ ᠪᠣᠯᠬᠤ ᠦᠭᠡᠢ᠂ ᠤᠢ ᠶᠢᠨ ᠵᠢᠮ᠎ᠡ ᠬᠠᠤᠯᠢ ᠳᠤ ᠪᠤᠴᠠᠵᠤ ᠪᠣᠯᠬᠤ ᠦᠭᠡᠢ ᠭᠡᠵᠦ ᠳᠤᠮᠳᠠᠳᠤ ᠶᠢᠨ ᠲᠠᠯ᠎ᠠ ᠢᠮᠠᠭᠲᠠ ᠦᠵᠡᠳᠡᠭ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠰᠢᠩᠭᠠᠫᠤᠷ ᠤᠨ ᠲᠠᠯ᠎ᠠ ᠬᠢᠨ ᠲᠠᠢ ᠬᠠᠮᠲᠤ ᠪᠠᠷ᠂ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠲᠥᠪ ᠭᠤᠣᠯᠴᠢ ᠰᠢᠳᠤᠷᠭᠤ ᠶᠣᠰᠣᠨ ᠤ ᠲᠠᠯ᠎ᠠ ᠳᠤ ᠵᠣᠭᠰᠣᠵᠤ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠤᠶᠢᠯᠰᠢᠷᠠᠯ᠂ ᠲᠦᠭᠡᠮᠡᠯ ᠠᠰᠢᠭ ᠬᠦᠷᠲᠡᠭᠡᠬᠦ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠳᠡᠯᠡᠬᠡᠢ ᠪᠠᠷ ᠢᠶᠠᠨ ᠡᠩᠬᠡ ᠲᠠᠶᠢᠪᠤᠩ᠂ ᠠᠮᠤᠷ ᠲᠦᠪᠰᠢᠨ᠂ ᠬᠥᠭᠵᠢᠯ ᠴᠡᠴᠡᠭᠯᠡᠯ᠂ ᠲᠠᠪᠰᠢᠯᠳᠠ ᠲᠠᠢ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠬᠤ ᠶᠢ ᠠᠬᠢᠭᠤᠯᠤᠨ᠎ᠠ ᠭᠡᠵᠡᠢ᠃  ᠬᠤᠸᠠᠩ ᠰᠢᠶᠦ᠋ᠨ ᠼᠠᠢ ᠢᠯᠡᠷᠬᠡᠶᠢᠯᠡᠬᠦ ᠳᠤ ᠪᠠᠨ᠂ ᠰᠢᠩᠭᠠᠫᠤᠷ ᠪᠠ ᠳᠤᠮᠳᠠᠳᠤ ᠤᠯᠤᠰ ᠨᠥᠬᠦᠷᠯᠡᠯ ᠥᠨᠢ ᠤᠳᠠᠭᠠᠨ ᠪᠠᠶᠢᠳᠠᠭ᠂ ᠬᠤᠶᠠᠷ ᠲᠠᠯ᠎ᠠ ᠪᠠᠷ ᠢᠶᠠᠨ ᠢᠮᠠᠭᠲᠠ ᠬᠠᠷᠢᠯᠴᠠᠨ ᠬᠦᠨᠳᠦᠳᠬᠡᠵᠦ᠂ ᠬᠠᠷᠢᠯᠴᠠᠨ ᠢᠲᠡᠭᠡᠯᠴᠡᠵᠦ᠂ ᠬᠤᠶᠠᠷ ᠤᠯᠤᠰ ᠤᠨ ᠬᠠᠷᠢᠴᠠᠭ᠎ᠠ ᠲᠣᠭᠲᠠᠭᠤᠨ ᠢᠶᠠᠷ ᠬᠥᠭᠵᠢᠵᠦ᠂ ᠬᠠᠮᠲᠤᠷᠠᠯᠴᠠᠭ᠎ᠠ ᠴᠢᠩᠭᠠᠷᠠᠵᠤ ᠪᠠᠶᠢᠨ᠎ᠠ᠃ ᠰᠢᠩᠭᠠᠫᠤᠷ ᠤᠨ ᠥᠩᠭᠡᠷᠡᠭᠰᠡᠨ ᠦᠶ᠎ᠡ ᠶᠢᠨ ᠤᠳᠤᠷᠢᠳᠬᠤ ᠬᠥᠮᠥᠰ ᠪᠦᠷ ᠳᠤᠮᠳᠠᠳᠤ ᠤᠯᠤᠰ ᠯᠤᠭ᠎ᠠ ᠶᠢᠨ ᠬᠠᠷᠢᠴᠠᠭ᠎ᠠ ᠶᠢ ᠴᠢᠬᠤᠯᠠᠴᠢᠯᠠᠨ ᠦᠵᠡᠵᠦ᠂ ᠳᠤᠮᠳᠠᠳᠤ ᠤᠯᠤᠰ ᠪᠣᠯ ᠮᠢᠨᠤ ᠦᠷᠭᠦᠯᠵᠢᠯᠡᠨ ᠲᠤᠰᠢᠶᠠᠯ ᠬᠠᠷᠢᠭᠤᠴᠠᠭᠰᠠᠨ ᠤ ᠳᠠᠷᠠᠭ᠎ᠠ ᠠᠶᠢᠯᠴᠢᠯᠠᠯᠲᠠ ᠬᠢᠭᠰᠡᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠠᠴᠠ ᠭᠠᠳᠠᠨᠠᠬᠢ ᠠᠩᠬᠠᠳᠠᠭᠴᠢ ᠤᠯᠤᠰ ᠪᠣᠯᠣᠨ᠎ᠠ᠃ ᠰᠢᠩᠭᠠᠫᠤᠷ ᠨᠢᠭᠡ ᠯᠡ ᠳᠤᠮᠳᠠᠳᠤ ᠤᠯᠤᠰ ᠪᠠᠶᠢᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠪᠠᠷᠢᠮᠲᠠᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠨ᠎ᠡ᠃ ᠬᠤᠶᠠᠷ ᠤᠯᠤᠰ ᠭᠠᠳᠠᠭᠠᠳᠤ ᠬᠠᠷᠢᠴᠠᠭ᠎ᠠ ᠪᠠᠶᠢᠭᠤᠯᠤᠭᠰᠠᠨ 35 ᠵᠢᠯ ᠤᠨ ᠤᠢ ᠶᠢ ᠬᠠᠮᠲᠤ ᠪᠠᠷ ᠪᠡᠯᠭᠡᠯᠡᠬᠦ ᠲᠠᠰᠢᠷᠠᠮ ᠢᠶᠠᠷ᠂ ᠰᠢᠩᠭᠠᠫᠤᠷ ᠤᠨ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠤᠨ ᠬᠥᠭᠵᠢᠯ ᠴᠡᠴᠡᠭᠯᠡᠯ ᠠᠴᠠ ᠪᠣᠢ ᠪᠣᠯᠣᠭᠰᠠᠨ ᠠᠵᠠ ᠲᠣᠬᠢᠶᠠᠯ ᠢ ᠭᠦᠢᠴᠡᠳ ᠠᠰᠢᠬᠯᠠᠵᠤ᠂ ᠬᠤᠶᠠᠷ ᠲᠠᠯ᠎ᠠ ᠶᠢᠨ ᠠᠷᠠᠯᠵᠢᠶ᠎ᠠ᠂ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠬᠡᠵᠦ᠂ ᠳ᠋ᠢᠭᠢᠲ ᠠᠵᠤ ᠠᠬᠤᠢ᠂ ᠵᠣᠬᠢᠶᠠᠮᠠᠯ ᠤᠶᠤᠨ᠂ ᠰᠢᠨ᠎ᠡ ᠡᠨᠧᠷᠭᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠥᠷᠭᠡᠳᠬᠡᠵᠦ᠂ ᠬᠥᠮᠥᠨ ᠰᠣᠶᠣᠯ ᠤᠨ ᠰᠣᠯᠢᠯᠴᠠᠭ᠎ᠠ ᠶᠢ ᠴᠢᠩᠭᠠᠳᠬᠠᠵᠤ᠂ ᠰᠢᠩᠭᠠᠫᠤᠷ ᠪᠠ ᠳᠤᠮᠳᠠᠳᠤ ᠶᠢᠨ ᠬᠠᠷᠢᠴᠠᠭ᠎ᠠ ᠨᠡᠩ ᠶᠡᠭᠡ ᠬᠥᠭᠵᠢᠯᠲᠡ ᠲᠠᠢ ᠪᠣᠯᠬᠤ ᠶᠢ ᠠᠬᠢᠭᠤᠯᠤᠨ᠎ᠠ᠃ ᠣᠷᠤᠭ᠎ᠠ ᠪᠤᠰᠬᠠᠭ᠎ᠠ ᠤᠯᠠᠨ ᠤᠯᠤᠰ ᠤᠨ ᠪᠠᠶᠢᠳᠠᠯ ᠤᠨ ᠡᠮᠦᠨ᠎ᠡ᠂ ᠰᠢᠩᠭᠠᠫᠤᠷ ᠤᠨ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠯᠤᠭ᠎ᠠ ᠣᠷᠣᠨ ᠪᠦᠰᠡ ᠪᠠ ᠤᠯᠠᠨ ᠲᠠᠯᠠᠲᠤ ᠲᠠᠪᠴᠠᠩ ᠳᠤ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠷᠠᠭᠤᠯᠵᠤ᠂ ᠤᠯᠠᠨ ᠲᠠᠯᠠᠲᠤ ᠦᠵᠡᠯ ᠪᠠ ᠤᠯᠠᠨ ᠤᠯᠤᠰ ᠤᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠨ᠎ᠠ᠂ ᠳᠤᠮᠳᠠᠳᠤ ᠤᠯᠤᠰ ᠯᠠᠪᠲᠠᠢ ᠳᠡᠯᠡᠬᠡᠢ ᠶᠢᠨ ᠡᠩᠬᠡ ᠲᠠᠶᠢᠪᠤᠩ ᠳᠤ ᠨᠡᠩ ᠴᠢᠬᠤᠯᠠ ᠦᠢᠯᠡᠳᠦᠯ ᠦᠵᠡᠭᠦᠯᠬᠦ ᠪᠣᠯᠣᠨ᠎ᠠ ᠭᠡᠳᠡᠭ ᠲᠤ ᠢᠲᠡᠭᠡᠯᠲᠡᠢ ᠪᠠᠶᠢᠨ᠎ᠠ ᠭᠡᠵᠡᠢ᠃  ᠸᠠᠩ ᠢ ᠠᠭᠤᠯᠵᠠᠯᠲᠠ ᠳᠤ ᠤᠷᠤᠯᠴᠠᠪᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1