ᠲᠤᠭᠳᠠᠬᠤ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠰᠤᠷᠭᠠᠭᠤᠯᠢ ᠲᠠᠢ ᠬᠠᠮᠲᠤᠷᠠᠨ ᠥᠪᠡᠷᠮᠢᠴᠡ ᠣᠨᠴᠠᠯᠢᠭ ᠲᠠᠢ ᠠᠵᠢᠯᠯᠠᠭ᠎ᠠ ᠥᠷᠨᠢᠭᠦᠯᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠪᠡᠯᠡᠳᠭᠡᠵᠦ ᠪᠠᠶᠢᠨ᠎ᠠ
ᠨᠡᠶᠢᠲᠡᠯᠡᠭᠰᠡᠨ ᠴᠠᠭ᠄
2025/6/4
      ᠣᠶᠢᠷ᠎ᠠ ᠳᠤ᠂ ᠲᠣᠭᠲᠠᠬᠤ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠲᠣᠭᠲᠠᠬᠤ ᠨᠢᠭᠡᠳᠦᠭᠡᠷ ᠳᠤᠮᠳᠠᠳᠤ ᠰᠤᠷᠭᠠᠭᠤᠯᠢ ᠲᠠᠢ ᠬᠤᠯᠪᠤᠭᠠᠯᠠᠨ᠂ ᠲᠤᠭ ᠮᠠᠨᠳᠤᠭᠤᠯᠬᠤ ᠶᠣᠰᠣᠯᠠᠯ᠂ ᠲᠤᠰᠬᠠᠢ ᠰᠡᠳᠦᠪᠲᠦ ᠲᠠᠶᠢᠯᠤᠮᠵᠢ ᠵᠡᠷᠭᠡ ᠬᠡᠯᠪᠡᠷᠢ ᠪᠠᠷ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢᠳ ᠲᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠮᠡᠳᠡᠭᠡ ᠵᠠᠩᠭᠢ ᠶᠢ ᠣᠨᠣᠪᠴᠢᠲᠠᠶ ᠳᠠᠮᠵᠢᠭᠤᠯᠵᠤ᠂ ᠰᠢᠯᠭᠠᠭᠤᠯᠤᠭᠰᠠᠳ ᠤᠨ ᠰᠢᠨᠵᠢᠯᠡᠬᠦ ᠤᠬᠠᠭᠠᠨᠴᠢ ᠪᠠᠷ ᠰᠢᠯᠭᠠᠯᠲᠠ ᠳᠤ ᠪᠡᠯᠡᠳᠬᠡᠬᠦ᠂ ᠯᠠᠪᠳᠠᠭᠤᠨ ᠢᠶᠠᠷ ᠰᠢᠯᠭᠠᠯᠲᠠ ᠳᠤ ᠣᠷᠣᠯᠴᠠᠬᠤ ᠳᠤ ᠬᠦᠴᠦᠨ ᠨᠡᠮᠡᠷᠢᠯᠡᠪᠡ᠃
      ᠤᠯᠤᠰ ᠤᠨ ᠲᠤᠭ ᠮᠠᠨᠳᠤᠭᠤᠯᠬᠤ ᠶᠣᠰᠣᠯᠠᠯ ᠣᠮᠤᠭ ᠵᠤᠷᠢᠭ ᠢ ᠬᠦᠪᠴᠢᠯᠡᠨ᠎ᠡ      ︽ᠢᠳᠡᠪᠬᠢᠲᠡᠢ ᠰᠡᠳᠬᠢᠴᠡ ᠶᠢᠨ ᠪᠠᠶᠢᠳᠠᠯ ᠢ ᠪᠣᠶ ᠪᠣᠯᠭᠠᠵᠤ᠂ ᠰᠡᠳᠬᠢᠴᠡ ᠶᠢᠨ ᠤᠶᠠᠨ ᠬᠠᠲᠠᠨ ᠴᠢᠨᠠᠷ ᠢ ᠴᠢᠩᠭᠠᠷᠠᠭᠤᠯᠤᠶ᠎ᠠ︾ ᠭᠡᠳᠡᠭ ᠢᠶᠠᠷ ᠭᠤᠣᠯ ᠰᠡᠳᠦᠪ ᠪᠣᠯᠭᠠᠭᠰᠠᠨ ᠤᠯᠤᠰ ᠤᠨ ᠲᠤᠭ ᠮᠠᠨᠳᠤᠭᠤᠯᠬᠤ ᠶᠣᠰᠣᠯᠠᠯ ᠲᠤᠭᠳᠠᠬᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠳᠤ ᠶᠠᠪᠤᠭᠳᠠᠪᠠ᠃ ᠤᠯᠤᠰ ᠤᠨ ᠲᠤᠭ ᠮᠠᠨᠳᠤᠭᠤᠯᠬᠤ ᠶᠣᠰᠣᠯᠠᠯ ᠳᠡᠭᠡᠷ᠎ᠡ᠂ ᠬᠠᠮᠲᠤ ᠰᠤᠷᠤᠭᠴᠢᠳ ︽ᠢᠳᠡᠪᠬᠢᠲᠡᠢ ᠰᠡᠳᠬᠢᠴᠡ ᠶᠢᠨ ᠪᠠᠶᠢᠳᠠᠯ ᠢ ᠪᠣᠶ ᠪᠣᠯᠭᠠᠵᠤ᠂ ᠰᠡᠳᠬᠢᠴᠡ ᠶᠢᠨ ᠤᠶᠠᠨ ᠬᠠᠲᠠᠨ ᠴᠢᠨᠠᠷ ᠢ ᠴᠢᠩᠭᠠᠷᠠᠭᠤᠯᠤᠶ᠎ᠠ︾ ᠭᠡᠬᠦ ᠭᠤᠣᠯ ᠰᠡᠳᠦᠪ ᠢᠶᠠᠷ ᠤᠯᠤᠰ ᠤᠨ ᠲᠤᠭ ᠤᠨ ᠳᠣᠣᠷ᠎ᠠ ᠶᠠᠷᠢᠶ᠎ᠠ ᠲᠠᠯᠪᠢᠵᠤ᠂ ᠥᠪᠡᠷ ᠤᠨ ᠬᠠᠶᠢᠷᠠᠲᠤ ᠬᠥᠮᠥᠨ ᠢᠶᠠᠨ ᠬᠠᠶᠢᠷᠠᠯᠠᠵᠤ᠂ ᠨᠡᠷᠡᠨ ᠭᠡᠷᠡᠯᠳᠦ ᠦᠰᠦᠨ ᠪᠣᠶᠢᠵᠢᠬᠤ ᠢᠲᠡᠭᠡᠯ ᠵᠣᠷᠢᠭ ᠢ ᠬᠠᠮᠲᠤ ᠪᠠᠷ ᠳᠠᠮᠵᠢᠭᠤᠯᠵᠤ᠂ ᠵᠠᠯᠠᠭᠤ ᠨᠠᠰᠤᠨ ᠳᠠᠭᠠᠨ ᠣᠶᠤᠨ ᠰᠠᠨᠠᠭᠠᠨ ᠤ ᠬᠦᠴᠦᠨ ᠴᠢᠳᠠᠯ ᠨᠡᠮᠡᠷᠢᠯᠡᠪᠡ᠃ ᠶᠠᠷᠢᠶ᠎ᠠ ᠨᠢ ᠰᠤᠷᠤᠯᠭ᠎ᠠ ᠶᠢᠨ ᠳᠠᠷᠤᠭᠠᠰᠤ ᠶᠢ ᠬᠡᠷᠬᠢᠨ ᠠᠷᠭᠠᠴᠠᠬᠤ ᠪᠠ ᠵᠠᠯᠠᠭᠤ ᠨᠠᠰᠤᠨ ᠤ ᠲᠥᠭᠡᠷᠢᠭᠳᠡᠯ ᠢ ᠬᠡᠷᠬᠢᠨ ᠰᠢᠢᠳᠪᠦᠷᠢᠯᠡᠬᠦ ᠲᠠᠢ ᠤᠶᠠᠯᠳᠤᠭᠤᠯᠤᠨ᠂ ᠥᠪᠡᠷ  ᠢ ᠪᠠᠨ ᠦᠨᠡᠨ ᠪᠣᠳᠠᠲᠠᠢ ᠬᠦᠯᠢᠶᠡᠨ ᠠᠪᠬᠤ ᠶᠢ ᠴᠢᠬᠤᠯᠠᠴᠢᠯᠠᠵᠤ᠂ ᠳᠣᠲᠣᠭᠠᠳᠤ ᠶᠢᠨ ᠬᠤᠷᠣᠭᠳᠠᠯ ᠢ ᠬᠡᠲᠦ ᠲᠡᠪᠴᠢᠬᠦ ᠶᠢ ᠴᠢᠬᠤᠯᠠᠴᠢᠯᠠᠵᠤ᠂ ᠪᠠᠭᠰᠢ ᠰᠤᠷᠤᠭᠴᠢᠳ ᠢ ᠢᠯᠡ ᠲᠣᠳᠣ ᠰᠡᠳᠬᠢᠴᠡ ᠪᠠᠷ ᠵᠣᠪᠠᠨᠢᠯ ᠢ ᠠᠷᠢᠯᠭᠠᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠤᠬᠠᠮᠰᠠᠷ ᠢ ᠡᠳᠦᠷ ᠲᠤᠲᠤᠮ ᠤᠨ ᠵᠢᠵᠢᠭ ᠰᠠᠵᠢᠭ ᠵᠦᠢᠯ ᠳᠤ ᠠᠭᠤᠰᠬᠠᠨ ᠲᠤᠭ ᠮᠠᠨᠳᠤᠭᠤᠯᠬᠤ ᠰᠦᠷ ᠵᠢᠪᠬᠤᠯᠠᠩᠲᠤ ᠶᠣᠰᠣᠯᠠᠯ ᠳᠤ᠂ ᠰᠤᠷᠤᠭᠴᠢᠳ ᠨᠡᠶᠢᠭᠡᠮ ᠪᠠ ᠰᠤᠷᠭᠠᠭᠤᠯᠢ ᠠᠴᠠ ᠢᠷᠡᠭᠰᠡᠨ ᠴᠢᠩ ᠰᠡᠳᠬᠢᠯ ᠤᠨ ᠬᠦᠰᠡᠯ ᠡᠷᠡᠮᠡᠯᠵᠡᠯ ᠢ ᠮᠡᠳᠡᠷᠡᠵᠦ᠂ ᠥᠪᠡᠷ ᠤᠨ ᠳᠡᠭᠡᠳᠦ ᠰᠤᠷᠭᠠᠭᠤᠯᠢ ᠶᠢᠨ ᠨᠢᠭᠡᠳᠦᠯᠲᠡᠢ ᠰᠢᠯᠭᠠᠯᠲᠠ ᠶᠢᠨ ᠬᠠᠷᠠᠯᠲᠠ ᠪᠠᠨ ᠨᠡᠩ ᠪᠠᠲᠤᠳᠬᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠳᠠᠪᠲᠠᠯᠭ᠎ᠠ ᠳᠤ ᠣᠷᠣᠯᠴᠠᠬᠤ ᠪᠣᠯᠣᠨ᠎ᠠ᠃
      ᠲᠤᠰᠬᠠᠢ ᠰᠡᠳᠦᠪᠲᠦ ᠲᠠᠶᠢᠯᠤᠮᠵᠢ ᠶᠢ ᠣᠨᠣᠴᠢᠲᠠᠢ ᠵᠢᠯᠣᠭᠤᠳᠤᠨ᠎ᠠ      ᠰᠣᠷᠣᠭᠴᠢ ᠪᠠ ᠭᠡᠷ ᠤᠨ ᠠᠬᠠᠮᠠᠳ ᠲᠤ ᠨᠠᠩ ᠲᠤᠰᠬᠠᠢ ᠮᠡᠷᠭᠡᠵᠢᠯ ᠤᠨ᠂ ᠨᠠᠩ ᠪᠥᠬᠦ ᠲᠠᠯ᠎ᠠ ᠶᠢᠨ ᠮᠡᠳᠡᠭᠡ ᠵᠠᠩᠭᠢ ᠬᠠᠩᠭᠠᠬᠤ ᠶᠢᠨ ᠲᠥᠯᠥᠭᠡ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠨᠠᠶᠢᠵᠠ ᠨᠠᠷ ᠢ ᠤᠷᠢᠵᠤ ᠲᠤᠰᠬᠠᠢ ᠰᠡᠳᠦᠪᠲᠦ ᠲᠠᠶᠢᠯᠤᠮᠵᠢ ᠬᠢᠯᠭᠡᠵᠦ᠂ ᠭᠡᠷ ᠤᠨ ᠠᠬᠠᠮᠠᠳ ᠪᠠ ᠰᠣᠷᠣᠭᠴᠢ ᠶᠢᠨ ᠥᠪᠡᠷ ᠤᠨ ᠬᠢᠷᠢ ᠪᠦᠲᠦᠮᠵᠢ ᠪᠠ ᠳᠤᠷ᠎ᠠ ᠰᠣᠨᠢᠷᠬᠠᠯ ᠢᠶᠠᠨ ᠦᠨᠳᠦᠰᠦᠯᠡᠨ᠂ ᠠᠵᠢᠯ ᠮᠡᠷᠭᠡᠵᠢᠯ ᠤᠨ ᠲᠥᠯᠦᠪᠵᠢᠭᠦᠯᠭᠡ ᠪᠠᠨ ᠰᠢᠨᠵᠢᠯᠡᠬᠦ ᠤᠬᠠᠭᠠᠨᠴᠢ ᠪᠠᠷ ᠬᠢᠵᠦ᠂ ᠳᠡᠭᠡᠳᠦ ᠰᠤᠷᠭᠠᠭᠤᠯᠢ ᠪᠠ ᠲᠤᠰᠬᠠᠢ ᠮᠡᠷᠭᠡᠵᠢᠯ ᠢᠶᠠᠨ ᠵᠣᠬᠢᠰᠲᠠᠢ ᠰᠣᠩᠭᠤᠬᠤ ᠶᠢ ᠵᠢᠭᠠᠨ ᠵᠢᠯᠣᠭᠤᠳᠤᠨ᠎ᠠ᠃ ᠡᠭᠦᠨ ᠤ ᠵᠡᠷᠭᠡ ᠳᠤ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠳᠠᠷᠤᠯᠲᠠ ᠶᠢ ᠵᠥᠪ ᠢᠶᠠᠷ ᠲᠠᠨᠢᠭᠤᠯᠵᠤ᠂ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠡᠶᠡᠯᠰᠡᠭ᠂ ᠢᠲᠡᠭᠡᠯᠲᠡᠢ ᠣᠪᠣᠷ   ᠢᠶᠠᠷ ᠬᠠᠨᠳᠤᠬᠤ ᠶᠢ ᠰᠠᠨᠠᠭᠤᠯᠵᠠᠢ᠃
    ᠲᠣᠰ ᠤᠳᠠᠭᠠᠨ ᠤ ᠠᠵᠢᠯᠯᠠᠭ᠎ᠠ ᠪᠣᠯ ᠨᠡᠶᠢᠭᠡᠮ ᠤᠨ ᠬᠦᠴᠦᠨ ᠤ ᠰᠤᠷᠭᠠᠨ ᠬᠥᠮᠦᠵᠢᠯ ᠤᠨ ᠬᠥᠭᠵᠢᠯᠲᠡ ᠳᠤ ᠬᠦᠴᠦᠨ ᠨᠡᠮᠡᠷᠢᠯᠡᠭᠰᠡᠨ ᠠᠮᠢᠳᠤᠯᠢᠭ ᠦᠢᠯᠡᠳᠦᠯᠭᠡ ᠮᠥᠨ᠃ ᠰᠤᠷᠤᠭᠴᠢᠳ ᠲᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠮᠡᠳᠡᠭᠡ ᠵᠠᠩᠭᠢ ᠪᠠ ᠰᠢᠯᠭᠠᠯᠲᠠ ᠳᠤ ᠪᠡᠯᠡᠳᠬᠡᠬᠦ ᠵᠢᠯᠣᠭᠤᠳᠤᠯᠭ᠎ᠠ ᠬᠠᠩᠭᠠᠭᠰᠠᠨ ᠢᠶᠠᠷ ᠪᠠᠷᠠᠬᠤ ᠦᠭᠡᠢ᠂ ᠣᠶᠤᠨ ᠰᠠᠨᠠᠭᠠᠨ ᠤ ᠲᠠᠯ᠎ᠠ ᠪᠠᠷ ᠴᠤ ᠰᠤᠷᠤᠭᠴᠢᠳ ᠲᠤ ᠲᠤᠶᠢᠯ ᠤᠨ ᠶᠡᠭᠡ ᠵᠣᠷᠢᠭᠵᠢᠭᠤᠯᠤᠯ ᠪᠣᠯᠵᠤ᠂ ᠰᠣᠷᠣᠭᠴᠢ ᠪᠠ ᠭᠡᠷ ᠤᠨ ᠠᠬᠠᠮᠠᠳ ᠲᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ᠃ ᠢᠷᠡᠭᠡᠳᠦᠢ ᠳᠤ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠲᠣᠰ ᠪᠡᠶ᠎ᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠨᠠᠩ ᠣᠯᠠᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠂ ᠵᠠᠯᠠᠭᠤᠴᠤᠳ ᠪᠠᠭᠠᠴᠤᠳ ᠤᠨ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠳᠤ ᠨᠠᠩ ᠣᠯᠠᠨ ᠳᠡᠮᠵᠢᠯᠭᠡ ᠪᠠ ᠬᠠᠪᠰᠤᠷᠤᠯᠭ᠎ᠠ ᠬᠠᠩᠭᠠᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ ᠤᠨ ᠶᠦᠨ ᠵᠦᠩ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1