ᠬᠥᠳᠡᠭᠡ ᠲᠣᠰᠬᠤᠨ ᠤ ᠣᠯᠠᠨ ᠲᠦᠮᠡᠨ ᠤ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠤᠬᠠᠮᠰᠠᠷ ᠢ ᠤᠯᠠᠮ | ᠨᠢᠭᠡ ᠠᠯᠬᠤᠮ ᠲᠡᠭᠡᠭᠰᠢᠯᠡᠭᠦᠯᠵᠦ᠂ ᠴᠠᠬᠢᠯᠭᠠᠨ ᠤ ᠰᠦᠢᠳᠬᠡᠯ ᠲᠤᠰᠢᠶᠠᠬᠤ ᠳᠥᠭᠦᠮ ᠳᠥᠲᠡ ᠠᠷᠭ᠎ᠠ ᠮᠠᠶ᠋ᠢᠭ ᠢ | ᠳᠡᠯᠭᠡᠷᠡᠭᠦᠯᠵᠦ᠂ ᠲᠣᠰᠬᠤᠨ ᠤ ᠠᠷᠠᠳ ᠤᠨ ᠴᠠᠬᠢᠯᠭᠠᠨ ᠬᠡᠷᠡᠭᠯᠡᠬᠦ ᠬᠦᠴᠢᠷ ᠠᠰᠠᠭᠤᠳᠠᠯ ᠢ ᠦᠨᠡᠨᠬᠦ | ᠰᠢᠢᠳᠪᠦᠷᠢᠯᠡᠬᠦ ᠶᠢᠨ ᠲᠦᠯᠦᠭᠡ᠂ ᠣᠶᠢᠷ᠎ᠠ ᠳᠤ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ | ᠬᠥᠬᠡᠬᠤᠲᠠ ᠶᠢᠨ ᠲᠣᠭᠲᠠᠬᠤ ᠴᠠᠬᠢᠯᠭᠠᠨ ᠬᠠᠩᠭᠠᠬᠤ ᠺᠣᠮᠫᠠᠨᠢ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢᠳ ᠢ | ᠵᠣᠬᠢᠶᠠᠨ ᠪᠠᠶᠢᠭᠤᠯᠤᠨ ᠬᠥᠬᠡᠬᠤᠲᠠ ᠶᠢᠨ ᠲᠣᠭᠲᠠᠬᠤ ᠰᠢᠶᠠᠨ ᠤ ᠨᠠᠶᠢᠵᠠ ᠭᠡᠷ ᠴᠠᠬᠢᠯᠭᠠᠨ ᠬᠠᠩᠭᠠᠬᠤ ᠭᠠᠵᠠᠷ ᠤᠨ | ᠬᠠᠷᠢᠶ᠎ᠠ ᠣᠷᠣᠨ ᠳᠤ ᠭᠦᠨᠵᠡᠭᠡᠶᠢᠷᠡᠵᠦ᠂ ᠡᠯᠪᠡᠭ ᠪᠠᠶᠠᠯᠢᠭ ᠠᠭᠤᠯᠭ᠎ᠠ ᠲᠠᠢ᠂ ᠣᠯᠠᠨ ᠶᠠᠩᠵᠤ ᠶᠢᠨ ᠬᠡᠯᠪᠡᠷᠢ ᠶᠢᠨ | ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠤᠬᠠᠭᠤᠯᠭ᠎ᠠ ᠵᠢᠴᠢ ᠴᠠᠬᠢᠯᠭᠠᠨ ᠤ ᠰᠦᠢᠳᠬᠡᠯ ᠲᠤᠰᠢᠶᠠᠬᠤ ᠶᠢ | ᠵᠢᠯᠤᠭᠤᠳᠬᠤ ᠠᠵᠢᠯᠯᠠᠭ᠎ᠠ ᠥᠷᠨᠢᠭᠦᠯᠵᠦ᠂ ᠳᠣᠲᠣᠨᠣ ᠦᠢᠯᠡᠴᠢᠯᠡᠭᠡ ᠶᠢ ᠲᠣᠰᠬᠤᠨ ᠤ ᠠᠷᠠᠳ ᠤᠨ ᠡᠭᠦᠳᠡᠨ ᠳᠤ | ᠬᠦᠷᠭᠡᠭᠰᠡᠨ ᠪᠠᠶᠢᠨ᠎ᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠠᠶᠢᠨ ᠳᠤᠷ᠎ᠠ ᠶᠢᠨ ᠠᠵᠢᠯᠯᠠᠭᠴᠢᠳ ᠦᠵᠡᠭᠦᠯᠭᠡ ᠶᠢᠨ | ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠭᠦᠨ ᠵᠤᠵᠠᠭᠠᠨ | ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠪᠠ᠃ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠮᠡᠳᠡᠯᠭᠡ ᠶᠢ | ᠤᠬᠠᠭᠤᠯᠤᠨ ᠲᠠᠶᠢᠯᠪᠤᠷᠢᠯᠠᠬᠤ ᠭᠤᠭᠴᠤᠭ᠎ᠠ ᠳᠤ᠂ ᠬᠥᠳᠡᠭᠡ ᠲᠣᠰᠬᠤᠨ ᠤ ᠴᠠᠬᠢᠯᠭᠠᠨ ᠬᠡᠷᠡᠭᠯᠡᠬᠦ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠭᠡᠷ ᠪᠦᠯᠢ ᠶᠢᠨ ᠠᠮᠤᠷ | ᠲᠦᠪᠰᠢᠨ ᠢᠶᠠᠷ ᠴᠠᠬᠢᠯᠭᠠᠨ ᠬᠡᠷᠡᠭᠯᠡᠬᠦ᠂ ᠴᠠᠬᠢᠯᠭᠠᠨ ᠬᠦᠴᠦᠨ ᠤ ᠲᠥᠬᠦᠭᠡᠷᠦᠮᠵᠢ ᠶᠢ ᠬᠠᠮᠠᠭᠠᠯᠠᠬᠤ᠂ ᠴᠠᠬᠢᠯᠭᠠᠨ ᠳᠤ | ᠴᠣᠬᠢᠭᠳᠠᠬᠤ ᠠᠴᠠ ᠰᠡᠷᠭᠡᠶᠢᠯᠡᠬᠦ ᠲᠦᠷᠭᠡᠨ ᠠᠪᠤᠷᠠᠯᠲᠠ ᠵᠡᠷᠭᠡ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠵᠡᠢ᠃ | ᠭᠠᠴᠠᠭᠠᠨ ᠤ ᠠᠷᠠᠳ ᠤᠨ ᠡᠳᠦᠷ ᠲᠤᠲᠤᠮ ᠤᠨ ᠬᠡᠷᠡᠭᠯᠡᠭᠡᠨ ᠤ ᠴᠠᠬᠢᠯᠭᠠᠨ ᠳᠤ ᠦᠷᠭᠦᠯᠵᠢ ᠲᠣᠬᠢᠶᠠᠯᠳᠤᠳᠠᠭ | ᠳᠤᠷ᠎ᠠ ᠪᠠᠷ ᠢᠶᠠᠨ ᠴᠠᠬᠢᠯᠭᠠᠨ ᠤᠲᠠᠰᠤ ᠲᠠᠲᠠᠬᠤ᠂ ᠳᠠᠭᠠᠭᠠᠴᠠ ᠠᠴᠠ ᠬᠡᠲᠦᠷᠡᠲᠡᠯ᠎ᠡ ᠴᠠᠬᠢᠯᠭᠠᠨ ᠬᠡᠷᠡᠭᠯᠡᠬᠦ᠂ ᠬᠢᠷᠢ | ᠲᠡᠩᠴᠡᠬᠦ ᠦᠭᠡᠢ ᠴᠠᠬᠢᠯᠭᠠᠨ ᠬᠡᠷᠡᠭᠰᠡᠯ ᠢ ᠬᠡᠷᠡᠭᠯᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠨᠡᠶᠢᠲᠡᠯᠢᠭ ᠬᠡᠷᠡᠭ ᠤᠨ | ᠵᠢᠱᠢᠶ᠎ᠡ ᠶᠢ ᠵᠠᠳᠠᠯᠤᠨ ᠰᠢᠨᠵᠢᠯᠡᠬᠦ ᠪᠠᠷ ᠳᠠᠮᠵᠢᠭᠤᠯᠤᠨ᠂ ᠲᠡᠭᠦᠨ ᠤ ᠬᠤᠣᠷ ᠬᠥᠨᠥᠭᠡᠯᠳᠦ ᠴᠢᠨᠠᠷ ᠢ ᠭᠦᠨᠵᠡᠭᠡᠢ ᠪᠥᠭᠡᠳ | ᠣᠶᠢᠯᠠᠭᠠᠮᠵᠢᠲᠠᠢ ᠪᠠᠷ ᠲᠣᠳᠣᠷᠬᠠᠶᠢᠯᠠᠨ ᠥᠭᠦᠯᠡᠵᠦ᠂ ᠭᠠᠴᠠᠭᠠᠨ ᠤ ᠠᠷᠠᠳ ᠲᠤ ᠠᠮᠤᠷ ᠲᠦᠪᠰᠢᠨ ᠢᠶᠠᠷ ᠴᠠᠬᠢᠯᠭᠠᠨ | ᠬᠡᠷᠡᠭᠯᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠴᠠᠬᠢᠯᠭᠠᠨ ᠬᠡᠷᠡᠭᠯᠡᠬᠦ ᠰᠠᠶᠢᠨ ᠰᠠᠶᠢᠬᠠᠨ ᠳᠠᠳᠬᠠᠯ ᠲᠠᠢ | ᠪᠣᠯᠬᠤ ᠶᠢ ᠰᠠᠨᠠᠭᠤᠯᠵᠠᠢ᠃ | ᠴᠠᠬᠢᠯᠭᠠᠨ ᠤ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ ᠳᠡᠯᠭᠡᠷᠡᠭᠦᠯᠬᠦ ᠶᠠᠪᠤᠴᠠ ᠳᠤ᠂ ᠰᠠᠶᠢᠨ ᠳᠤᠷ᠎ᠠ ᠶᠢᠨ | ᠠᠵᠢᠯᠯᠠᠭᠴᠢ ᠨᠠᠷ ︽ᠥᠪᠥᠷ ᠮᠣᠩᠭᠤᠯ ᠤᠨ ᠴᠠᠬᠢᠯᠭᠠᠨ ᠮᠡᠳᠡᠭᠡᠨ ᠤ E ᠮᠡᠷᠭᠡᠵᠢᠯᠲᠡᠨ︾ ᠤ APP᠂ ᠸᠢᠴᠠᠲ᠂ | ᠲᠣᠭᠠᠴᠠᠭ᠎ᠠ ᠡᠷᠳᠡᠨᠢ ᠵᠡᠷᠭᠡ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠠᠷᠭ᠎ᠠ ᠵᠠᠮ᠂ ᠲᠤᠬᠠᠢ ᠶᠢᠨ ᠲᠠᠯᠠᠪᠤᠷ ᠤᠨ | ᠦᠵᠡᠭᠦᠯᠦᠯᠭᠡ ᠶᠢᠨ ᠠᠵᠢᠯᠯᠠᠭᠠᠨ ᠤ ᠶᠠᠪᠤᠴᠠ ᠶᠢ ᠭᠤᠣᠯᠳᠠᠯᠭ᠎ᠠ ᠲᠠᠢ ᠲᠠᠨᠢᠯᠴᠠᠭᠤᠯᠵᠤ᠂ ᠲᠣᠰᠬᠤᠨ ᠤ ᠠᠷᠠᠳ ᠲᠤ | ᠬᠡᠷᠬᠢᠨ ᠭᠠᠷ ᠤᠲᠠᠰᠤ ᠪᠠᠷ ᠳᠠᠮᠵᠢᠭᠤᠯᠤᠨ ᠴᠠᠬᠢᠯᠭᠠᠨ ᠤ ᠰᠦᠢᠳᠬᠡᠯ ᠢ ᠪᠠᠶᠢᠴᠠᠭᠠᠨ ᠯᠠᠪᠯᠠᠬᠤ᠂ ᠲᠤᠰᠢᠶᠠᠬᠤ ᠵᠡᠷᠭᠡ | ᠲᠤᠬᠠᠶᠢᠯᠠᠭᠰᠠᠨ ᠠᠵᠢᠯ ᠢ ᠪᠡᠶᠡᠯᠡᠭᠦᠯᠬᠦ ᠶᠢ ᠵᠢᠭᠠᠵᠤ ᠥᠭᠭᠦᠭᠰᠡᠨ ᠪᠠᠶᠢᠨ᠎ᠠ᠃ ᠣᠶᠤᠨᠯᠢᠭ ᠭᠠᠷ ᠤᠲᠠᠰᠤᠨ ᠤ | ᠠᠵᠢᠯᠯᠠᠭ᠎ᠠ ᠶᠢ ᠰᠠᠶᠢᠨ ᠮᠡᠳᠡᠬᠦ ᠦᠭᠡᠢ ᠨᠠᠰᠤᠲᠠᠢ ᠲᠣᠰᠬᠤᠨ ᠤ ᠠᠷᠠᠳ ᠢ ᠠᠵᠢᠯᠲᠠᠳ ᠨᠠᠩ ᠴᠤ ᠬᠦᠯᠢᠴᠡᠩᠭᠦᠢ | ᠨᠢᠮᠪᠠᠢ ᠳᠠᠬᠢᠨ ᠳᠠᠪᠲᠠᠨ ᠵᠢᠭᠠᠨ ᠵᠢᠯᠤᠭᠤᠳᠴᠤ᠂ ᠲᠣᠰᠬᠤᠨ ᠤ ᠠᠷᠠᠳ ᠤᠨ ᠦᠨᠳᠦᠰᠦᠨ ᠠᠵᠢᠯᠯᠠᠭᠠᠨ ᠤ ᠠᠷᠭ᠎ᠠ ᠶᠢ | ᠡᠵᠡᠮᠰᠢᠬᠦ ᠶᠢ ᠦᠨᠡᠨ ᠬᠦ ᠪᠠᠳᠤᠯᠠᠪᠠ᠃ ᠡᠭᠦᠨ ᠤ ᠬᠠᠮᠲᠤ ᠪᠠᠰᠠ ᠭᠠᠴᠠᠭᠠᠨ ᠤ ᠠᠷᠠᠳ ᠲᠤ ᠰᠦᠯᠵᠢᠶᠡᠨ ᠭᠠᠳᠠᠨᠠᠬᠢ | ᠡᠵᠡᠩᠨᠡᠯᠲᠡ ᠶᠢᠨ ᠲᠢᠩᠬᠢᠮ᠂ ᠥᠪᠡᠰᠦᠪᠡᠨ ᠰᠦᠢᠳᠬᠡᠯ ᠲᠤᠰᠢᠶᠠᠬᠤ ᠵᠡᠷᠭᠡ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ | ᠲᠠᠨᠢᠯᠴᠠᠭᠤᠯᠵᠤ᠂ ᠭᠠᠴᠠᠭᠠᠨ ᠤ ᠠᠷᠠᠳ ᠢ ᠥᠪᠡᠷ ᠤᠨ ᠬᠡᠷᠡᠭᠴᠡᠭᠡ ᠪᠠᠨ ᠦᠨᠳᠦᠰᠦᠯᠡᠨ ᠰᠦᠢᠳᠬᠡᠯ ᠲᠤᠰᠢᠶᠠᠬᠤ | ᠬᠠᠮᠤᠭ ᠤᠨ ᠳᠥᠭᠦᠮ ᠳᠥᠲᠡ ᠠᠷᠭ᠎ᠠ ᠵᠠᠮ ᠢ ᠰᠣᠩᠭᠤᠵᠤ ᠪᠣᠯᠣᠨ᠎ᠠ᠃ | ᠭᠠᠴᠠᠭᠠᠨ ᠤ ᠠᠷᠠᠳ ᠤᠨ ᠴᠠᠬᠢᠯᠭᠠᠨ ᠬᠡᠷᠡᠭᠯᠡᠬᠦ ᠶᠠᠪᠤᠴᠠ ᠳᠤ ᠲᠣᠬᠢᠶᠠᠯᠳᠤᠭᠰᠠᠨ ᠪᠣᠳᠠᠲᠠᠢ ᠠᠰᠠᠭᠤᠳᠠᠯ ᠢ | ᠴᠠᠭ ᠲᠤᠬᠠᠢ ᠳᠤᠨᠢ ᠰᠢᠢᠳᠪᠦᠷᠢᠯᠡᠬᠦ ᠶᠢᠨ ᠲᠥᠯᠥᠭᠡ᠂ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠬᠤ | ᠦᠢᠯᠡᠴᠢᠯᠡᠭᠡᠨ ᠤ ᠲᠠᠪᠴᠠᠩ ᠭᠠᠷᠭᠠᠵᠤ᠂ ᠲᠤᠰᠬᠠᠢ ᠮᠡᠷᠭᠡᠵᠢᠯ ᠤᠨ ᠠᠵᠢᠯᠲᠠᠨ ᠢ ᠲᠣᠬᠢᠷᠠᠭᠤᠯᠵᠤ ᠭᠠᠴᠠᠭᠠᠨ ᠤ | ᠠᠷᠠᠳ ᠤᠨ ᠮᠠᠳᠠᠭ ᠲᠠᠢ ᠠᠰᠠᠭᠤᠳᠠᠯ ᠢ ᠨᠢ ᠲᠠᠶᠢᠯᠵᠤ ᠲᠥᠭᠡᠷᠢᠭᠳᠡᠯ ᠢ ᠨᠢ ᠲᠠᠶᠢᠯᠤᠭᠤᠯᠵᠠᠢ᠃ ᠠᠵᠢᠯᠯᠠᠭ᠎ᠠ ᠶᠢᠨ | ᠲᠤᠬᠠᠢ ᠶᠢᠨ ᠡᠳᠦᠷ᠂ ᠠᠰᠠᠭᠤᠨ ᠯᠠᠪᠯᠠᠬᠤ ᠪᠠᠷ ᠢᠷᠡᠭᠰᠡᠨ ᠲᠣᠰᠬᠤᠨ ᠤ ᠠᠷᠠᠳ ᠲᠠᠰᠤᠷᠠᠯᠲᠠ ᠦᠭᠡᠢ ᠣᠯᠠᠰᠢᠷᠠᠵᠤ᠂ | ᠴᠠᠬᠢᠯᠭᠠᠨ ᠤ ᠰᠦᠢᠳᠬᠡᠯ ᠤᠨ ᠬᠡᠪ ᠤᠨ ᠪᠤᠰᠤ ᠪᠠᠶᠢᠳᠠᠯ ᠢ ᠪᠠᠶᠢᠴᠠᠭᠠᠨ ᠯᠠᠪᠯᠠᠬᠤ᠂ ᠴᠠᠬᠢᠯᠭᠠᠨ ᠬᠡᠷᠡᠭᠯᠡᠬᠦ | ᠲᠥᠬᠦᠭᠡᠷᠦᠮᠵᠢ ᠶᠢᠨ ᠬᠡᠮ ᠰᠣᠭᠤᠭ ᠢ ᠰᠡᠯᠪᠢᠨ ᠵᠠᠰᠠᠬᠤ ᠶᠢ ᠮᠡᠳᠡᠭᠦᠯᠬᠦ᠂ ᠱᠠᠲᠤᠯᠢᠭ ᠴᠠᠬᠢᠯᠭᠠᠨ ᠤ ᠦᠨ᠎ᠡ ᠶᠢᠨ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠡᠷᠭᠡ ᠣᠯᠠᠨ ᠲᠠᠯ᠎ᠠ ᠳᠤ ᠬᠤᠯᠪᠣᠭᠳᠠᠵᠤ ᠪᠠᠶᠢᠪᠠ᠃ ᠠᠵᠢᠯᠲᠠᠳ | ᠠᠰᠠᠭᠤᠳᠠᠯ ᠨᠢᠭᠡᠪᠦᠷᠢ ᠶᠢ ᠴᠥᠮ ᠨᠠᠷᠢᠨ ᠲᠣᠳᠣᠷᠬᠠᠢ ᠲᠡᠮᠳᠡᠭᠯᠡᠵᠦ᠂ ᠬᠦᠯᠢᠴᠡᠩᠭᠦᠢ ᠪᠠᠷ ᠬᠠᠷᠢᠭᠤᠯᠵᠤ᠂ ᠲᠤᠬᠠᠢ ᠶᠢᠨ | ᠲᠠᠯᠠᠪᠤᠷ ᠲᠤ ᠰᠢᠢᠳᠪᠦᠷᠢᠯᠡᠵᠦ ᠴᠢᠳᠠᠬᠤ ᠦᠭᠡᠢ ᠵᠠᠷᠢᠮ ᠠᠰᠠᠭᠤᠳᠠᠯ ᠢ ᠪᠠᠰᠠ ᠲᠤᠰᠬᠠᠢ ᠬᠥᠮᠥᠨ ᠲᠣᠬᠢᠷᠠᠭᠤᠯᠤᠨ | ᠳᠠᠭᠠᠵᠤ ᠰᠢᠢᠳᠪᠦᠷᠢᠯᠡᠭᠦᠯᠵᠦ᠂ ᠤᠴᠢᠷ ᠪᠣᠯᠭᠠᠨ ᠳᠤ ᠬᠠᠷᠢᠭᠤᠯᠲᠠ ᠥᠭᠴᠦ᠂ ᠤᠴᠢᠷ ᠪᠣᠯᠭᠠᠨ ᠳᠤ | ᠨᠠᠶᠢᠳᠠᠪᠤᠷᠢᠵᠢᠭᠤᠯᠤᠯᠲᠠ ᠲᠠᠢ ᠪᠣᠯᠭᠠᠬᠤ ᠶᠢ ᠪᠠᠲᠤᠯᠠᠨ᠎ᠠ ᠭᠡᠵᠦ ᠠᠮᠠᠯᠠᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠲᠣᠭᠲᠠᠬᠤ ᠴᠠᠬᠢᠯᠭᠠᠨ ᠬᠠᠩᠭᠠᠬᠤ ᠺᠣᠮᠫᠠᠨᠢ ᠯᠧᠢ | ᠹᠧᠩ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠠᠬᠢᠯᠭᠠᠨ | ᠬᠡᠷᠡᠭᠯᠡᠬᠦ ᠠᠮᠤᠷ ᠲᠦᠪᠰᠢᠨ ᠤ ᠤᠬᠠᠭᠤᠯᠭ᠎ᠠ ᠪᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠠᠩᠭᠠᠬᠤ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠠᠩ ᠠᠮᠤᠷ | ᠲᠦᠪᠰᠢᠨ᠂ ᠨᠠᠶᠢᠳᠠᠪᠤᠷᠢᠲᠠᠢ᠂ ᠴᠢᠨᠠᠷ ᠰᠠᠶᠢᠲᠠᠢ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ ᠤᠨ ᠶᠦᠨ ᠵᠦᠩ ᠵᠠᠭᠤᠴᠢᠯᠠᠭᠤᠷ |