ᠭᠡᠷ ᠪᠠᠶᠢᠰᠢᠩ ᠤᠨ ᠬᠡᠷᠡᠭᠯᠡᠯᠲᠡ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠬᠤᠲᠠ ᠶᠢᠨ ᠰᠢᠨᠡᠴᠢᠯᠡᠯᠲᠡ ᠶᠢᠨ ᠦᠷᠭᠦᠯᠵᠢᠯᠡᠬᠦ ᠵᠠᠭᠪᠤᠷ ᠢ ᠰᠦᠪᠡᠭᠴᠢᠯᠡᠨ ᠠᠬᠢᠭᠤᠯᠤᠶ᠎ᠠ
ᠨᠡᠶᠢᠲᠡᠯᠡᠭᠰᠡᠨ ᠴᠠᠭ᠄
2025/6/4
      ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ︽ᠭᠡᠷ ᠪᠠᠶᠢᠰᠢᠩ ᠤᠨ ᠬᠡᠷᠡᠭᠯᠡᠯᠲᠡ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ︾ ᠶᠢ ᠵᠢᠷᠭᠤᠭᠠᠨ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠨᠢᠭᠡ ᠪᠤᠯᠭᠠᠭᠰᠠᠨ ᠨᠢ ᠬᠤᠲᠠ ᠶᠢᠨ ᠰᠢᠨᠡᠴᠢᠯᠡᠯᠲᠡ ᠶᠢᠨ ᠦᠷᠭᠦᠯᠵᠢᠯᠡᠬᠦ ᠵᠠᠭᠪᠤᠷ ᠢ ᠪᠠᠶᠢᠭᠤᠯᠬᠤ ᠶᠢ ᠲᠦᠯᠬᠢᠨ ᠠᠬᠢᠭᠤᠯᠬᠤ ᠶᠢᠨ ᠪᠠᠲᠤ ᠪᠠᠬᠢ ᠰᠠᠭᠤᠷᠢ ᠪᠣᠯᠬᠤ ᠮᠥᠷᠲᠡᠭᠡᠨ ᠬᠤᠲᠠ ᠶᠢᠨ ᠵᠠᠰᠠᠯᠲᠠ ᠶᠢᠨ ᠬᠡᠯᠪᠡᠷᠢ ᠬᠤᠪᠢᠷᠠᠭᠤᠯᠬᠤ ᠳᠤ ᠬᠦᠴᠦᠨ ᠨᠡᠮᠡᠷᠢᠯᠡᠵᠦ᠂ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠪᠠᠲᠤᠯᠠᠭ᠎ᠠ ᠪᠣᠯᠣᠨ᠎ᠠ᠃      ᠭᠡᠷ ᠪᠠᠶᠢᠰᠢᠩ ᠤᠨ ᠬᠡᠷᠡᠭᠯᠡᠯᠲᠡ ᠶᠢᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠪᠣᠯ ᠠᠷᠠᠳ ᠲᠦᠮᠡᠨ ᠤ ᠵᠣᠭᠰᠣᠯᠲᠠ ᠶᠢᠨ ᠠᠮᠢᠳᠤᠯᠢᠭ ᠢᠯᠡᠷᠡᠯ ᠮᠥᠨ᠃ ᠭᠡᠷ ᠪᠠᠶᠢᠰᠢᠩ ᠪᠣᠯ ᠬᠥᠮᠥᠰ ᠤᠨ ᠦᠢᠯᠡᠳᠪᠦᠷᠢᠯᠡᠯ ᠠᠮᠢᠳᠤᠷᠠᠯ ᠤᠨ ᠦᠨᠳᠦᠰᠦᠨ ᠲᠠᠯᠠᠪᠤᠷ ᠮᠥᠨ᠂ ᠦᠪᠡᠰᠦᠪᠠᠨ ᠪᠠᠷᠢᠭᠰᠠᠨ ᠭᠡᠷ ᠪᠠᠶᠢᠰᠢᠩ ᠨᠤᠷᠠᠵᠤ ᠤᠨᠠᠬᠤ ᠵᠡᠷᠭᠡ ᠭᠡᠷ ᠪᠠᠶᠢᠰᠢᠩ ᠤᠨ ᠠᠮᠤᠷ ᠲᠦᠪᠰᠢᠨ ᠤ ᠠᠰᠠᠭᠤᠳᠠᠯ ᠨᠢ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠨᠡᠩ ᠰᠢᠭᠤᠳ ᠬᠤᠯᠪᠣᠭᠳᠠᠵᠤ ᠪᠠᠶᠢᠳᠠᠭ᠃ ᠣᠳᠣᠬᠢ ᠱᠠᠲᠤᠨ ᠳᠤ ᠮᠠᠨ ᠤ ᠤᠯᠤᠰ ᠤᠨ ᠦᠯᠡᠳᠡᠭᠡᠯ ᠭᠡᠷ ᠪᠠᠶᠢᠰᠢᠩ ᠤᠨ ᠬᠡᠪᠴᠢᠶ᠎ᠡ ᠨᠡᠯᠢᠶᠡᠳ ᠶᠡᠭᠡ ᠪᠥᠭᠡᠳ ᠠᠮᠤᠷ ᠲᠦᠪᠰᠢᠨ ᠤ ᠳᠠᠯᠳᠠ ᠬᠡᠮ ᠤᠯᠠᠮ ᠢᠶᠠᠷ ᠢᠯᠡᠷᠬᠡᠢ ᠪᠤᠯᠵᠤ ᠪᠠᠶᠢᠨ᠎ᠠ᠃ ᠨᠢᠭᠡ ᠳᠤ᠂ ᠭᠡᠷ ᠪᠠᠶᠢᠰᠢᠩ ᠤᠨ ᠬᠠᠭᠤᠴᠢᠷᠠᠬᠤ ᠠᠰᠠᠭᠤᠳᠠᠯ ᠲᠣᠪᠣᠶᠢᠮ᠎ᠠ ᠪᠠᠶᠢᠨ᠎ᠠ᠃ 2022 ᠣᠨ ᠤ ᠡᠴᠦᠰ ᠪᠣᠯᠲᠠᠯ᠎ᠠ᠂ ᠮᠠᠨ ᠤ ᠤᠯᠤᠰ ᠤᠨ ᠬᠤᠲᠠ ᠪᠠᠯᠭᠠᠰᠤᠨ ᠤ ᠣᠲᠣ ᠪᠠᠶᠢᠭ᠎ᠠ ᠭᠡᠷ ᠪᠠᠶᠢᠰᠢᠩ ᠤᠨ ᠲᠤᠳᠤᠷ᠎ᠠ 30 ᠵᠢᠯ ᠠᠴᠠ ᠬᠡᠲᠦᠷᠡᠭᠰᠡᠨ ᠨᠢ 20% ᠰᠢᠬᠠᠮ ᠳᠤ ᠭᠦᠷᠦᠭᠰᠡᠨ ᠪᠠᠶᠢᠨ᠎ᠠ᠃ ᠬᠤᠲᠠ ᠬᠥᠳᠡᠭᠡ ᠶᠢᠨ ᠬᠡᠪᠴᠢᠶᠡᠨ ᠳᠤ ᠮᠥᠨ ᠬᠦ ᠵᠣᠬᠢᠬᠤ ᠬᠡᠪᠴᠢᠶᠡᠨ ᠤ C᠂ D ᠲᠠᠰ ᠤᠨ ᠨᠤᠷᠠᠬᠤ ᠠᠶᠤᠯᠲᠠᠢ ᠭᠡᠷ ᠪᠠᠶᠢᠰᠢᠩ ᠪᠠᠶᠢᠨ᠎ᠠ᠃ ᠬᠤᠶᠠᠷ ᠲᠤ᠂ ᠪᠠᠶᠢᠭᠠᠯᠢ ᠶᠢᠨ ᠭᠠᠮᠰᠢᠭ ᠪᠠ ᠵᠣᠷᠢᠭᠤᠳᠠ ᠶᠢᠨ ᠰᠢᠯᠲᠠᠭᠠᠨ ᠠᠴᠠ ᠪᠣᠯᠤᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠠᠯᠳᠠ ᠭᠡᠮ ᠪᠠᠶᠢᠨ ᠲᠠᠬᠢᠨ ᠭᠠᠷᠴᠤ ᠪᠠᠶᠢᠨ᠎ᠠ᠃ ᠰᠢᠷᠦᠭᠦᠨ ᠪᠣᠷᠣᠭᠠᠨ᠂ ᠲᠠᠶᠢᠹᠧᠩ ᠰᠠᠯᠬᠢ ᠵᠡᠷᠭᠡ ᠣᠨᠴᠠᠭᠠᠶ ᠠᠭᠤᠷ ᠠᠮᠢᠰᠬᠤᠯ ᠣᠯᠠᠨᠲᠠ ᠢᠯᠡᠷᠡᠵᠦ᠂ ᠲᠠᠯᠠᠢ ᠳᠠᠭᠠᠤ ᠣᠷᠣᠨ ᠵᠡᠷᠭᠡ ᠭᠠᠵᠠᠷ ᠤᠨ ᠭᠡᠷ ᠪᠠᠶᠢᠰᠢᠩ ᠤᠨ ᠭᠠᠮᠰᠢᠭ ᠤᠨ ᠠᠶᠤᠯ ᠲᠦᠭᠰᠢᠭᠦᠷᠢ ᠨᠡᠯᠢᠶᠡᠳ ᠶᠡᠭᠡ ᠪᠠᠶᠢᠨ᠎ᠠ᠃ ᠬᠡᠰᠡᠭ ᠰᠠᠭᠤᠭᠠᠯᠢ ᠠᠷᠠᠳ ᠲᠤ ᠳᠤᠷ᠎ᠠ ᠪᠠᠷ ᠢᠶᠠᠨ ᠨᠤᠷᠠᠭᠠᠵᠤ ᠳᠤᠷ᠎ᠠ ᠪᠠᠷ ᠢᠶᠠᠨ ᠪᠠᠷᠢᠭᠰᠠᠨ ᠵᠡᠷᠭᠡ ᠦᠢᠯᠡ ᠠᠵᠢᠯᠯᠠᠭ᠎ᠠ ᠣᠷᠣᠰᠢᠵᠤ᠂ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠢ ᠪᠣᠢ ᠪᠣᠯᠭᠠᠪᠠ᠃ ᠭᠤᠷᠪᠠ ᠳᠤ᠂ ᠦᠯᠡᠳᠡᠭᠡᠯ ᠣᠷᠣᠨ ᠰᠠᠭᠤᠴᠠ ᠶᠢᠨ ᠳᠦᠷᠢᠮ ᠤᠨ ᠪᠠᠶᠢᠭᠤᠯᠤᠯᠲᠠ ᠳᠤ ᠲᠤᠳᠠᠭᠳᠠᠯ ᠣᠷᠣᠰᠢᠵᠤ ᠪᠠᠶᠢᠨ᠎ᠠ᠃ ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠬᠦ ᠪᠦᠲᠦᠭᠡᠨ ᠪᠠᠶᠢᠭᠤᠯᠬᠤ ᠴᠠᠭ ᠦᠶ᠎ᠡ ᠶᠢᠨ ᠳᠦᠷᠢᠮ ᠤᠨ ᠰᠢᠰᠲ᠋ᠧᠮ ᠨᠢ ᠰᠢᠨ᠎ᠡ ᠱᠠᠲᠤ ᠦᠶ᠎ᠡ ᠶᠢᠨ ᠬᠡᠷᠡᠭᠴᠡᠭᠡ ᠳᠤ ᠵᠣᠬᠢᠴᠠᠬᠤ ᠳᠤ ᠪᠡᠷᠬᠡᠲᠡᠢ ᠪᠠᠶᠢᠵᠤ᠂ ᠳᠦᠷᠢᠮ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠳᠠᠷᠤᠢ ᠲᠦᠷᠭᠡᠨ ᠴᠢᠩᠭᠠᠳᠬᠠᠬᠤ ᠴᠢᠬᠤᠯᠠᠲᠠᠢ ᠪᠠᠶᠢᠨ᠎ᠠ᠂ ᠢᠯᠠᠩᠭᠤᠶ᠎ᠠ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠪᠠ ᠤᠯᠠᠨ ᠨᠡᠶᠢᠲᠡ ᠶᠢᠨ ᠪᠡᠯᠡ ᠮᠥᠩᠭᠦ ᠶᠢ ᠴᠤᠭᠯᠠᠭᠤᠯᠬᠤ᠂ ᠬᠠᠮᠢᠶᠠᠷᠬᠤ᠂ ᠬᠡᠷᠡᠭᠯᠡᠬᠦ ᠬᠤᠯᠪᠣᠭᠳᠠᠯ ᠪᠦᠬᠦᠢ ᠳᠦᠷᠢᠮ ᠵᠡᠷᠭᠡ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠠᠷᠤ ᠲᠠᠯ᠎ᠠ ᠶᠢᠨ ᠳᠦᠷᠢᠮ ᠤᠨ ᠲᠤᠳᠠᠭᠳᠠᠯ ᠢ ᠨᠥᠬᠦᠪᠦᠷᠢᠯᠡᠬᠦ ᠴᠢᠬᠤᠯᠠᠲᠠᠢ ᠪᠠᠶᠢᠨ᠎ᠠ᠃ ᠭᠡᠷ ᠪᠠᠶᠢᠰᠢᠩ ᠤᠨ ᠬᠡᠷᠡᠭᠯᠡᠯᠳᠡ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠳᠤ ︽ᠠᠷᠠᠳ ᠲᠦᠮᠡᠨ ᠤ ᠲᠥᠯᠥᠭᠡ ᠬᠥᠭᠵᠢᠭᠦᠯᠬᠦ᠂ ᠬᠥᠭᠵᠢᠭᠦᠯᠬᠦ ᠳᠤ ᠠᠷᠠᠳ ᠲᠦᠮᠡᠨ ᠳᠤ ᠲᠦᠰᠢᠭᠯᠡᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠬᠦ︾ ᠵᠣᠷᠢᠭ ᠰᠠᠨᠠᠭᠠᠨ ᠤ ᠣᠶᠢᠯᠠᠭᠠᠭᠳᠠᠬᠤᠨ ᠢ ᠠᠮᠢᠳᠤᠯᠢᠭ ᠢᠶᠠᠷ ᠢᠯᠡᠷᠡᠭᠦᠯᠪᠡ᠃      ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠣᠯ ᠴᠢᠬᠤᠯᠠ ᠤᠷᠢᠲᠠᠯ ᠪᠣᠯᠣᠨ᠎ᠠ᠃ ᠤᠯᠠᠮᠵᠢᠯᠠᠯᠲᠤ ᠬᠤᠲᠠ ᠶᠢᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠷᠭ᠎ᠠ ᠮᠠᠶ᠋ᠢᠭ ᠨᠢ ᠭᠠᠵᠠᠷ ᠰᠢᠷᠣᠢ ᠶᠢᠨ ᠡᠳ᠋ ᠤᠨ ᠵᠠᠰᠠᠭ ᠲᠤ ᠬᠡᠲᠦ ᠲᠦᠰᠢᠭᠯᠡᠵᠦ᠂ ᠭᠡᠷ ᠪᠠᠶᠢᠰᠢᠩ ᠢ ᠰᠡᠯᠪᠢᠨ ᠵᠠᠰᠠᠬᠤ ᠬᠠᠮᠢᠶᠠᠷᠤᠯᠲᠠ ᠶᠢᠨ ᠲᠠᠯ᠎ᠠ ᠪᠠᠷ ᠵᠠᠰᠠᠭ ᠤᠨ ᠣᠷᠳᠣᠨ ︽ᠪᠦᠬᠦᠨ ᠢ ᠳᠠᠭᠠᠭᠠᠨ ᠠᠪᠴᠤ ᠬᠢᠬᠦ︾᠂ ᠣᠷᠣᠨ ᠰᠠᠭᠤᠴᠠ ᠶᠢᠨ ᠥᠮᠴᠢᠯᠡᠯ ᠤᠨ ᠡᠷᠬᠡᠲᠦ ᠬᠥᠮᠥᠨ ᠪᠡᠯᠡ ᠭᠠᠷᠭᠠᠬᠤ ᠪᠠ ᠰᠡᠯᠪᠢᠨ ᠵᠠᠰᠠᠵᠤ ᠥᠭᠡᠷᠡᠴᠢᠯᠡᠬᠦ ᠳᠤ ᠣᠷᠣᠯᠴᠠᠬᠤ ᠬᠦᠰᠡᠯ ᠡᠷᠡᠮᠡᠯᠵᠡᠯ ᠬᠦᠷᠦᠯᠴᠡᠬᠦ ᠦᠭᠡᠢ ᠵᠡᠷᠭᠡ ᠦᠵᠡᠭᠳᠡᠯ ᠣᠷᠣᠰᠢᠵᠤ ᠪᠠᠶᠢᠨ᠎ᠠ᠂ ᠡᠨᠡ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ ᠲᠠᠢ ᠬᠤᠯᠪᠣᠭ᠎ᠠ ᠲᠠᠢ ᠶᠤᠮ᠃ ︽ᠰᠠᠨᠠᠯ︾ ᠳᠤ ︽ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ︾ ᠭᠡᠵᠦ ᠳᠤᠷᠠᠳᠤᠨ ᠭᠠᠷᠭᠠᠪᠠ᠃ ᠣᠯᠠᠨ ᠥᠮᠴᠢᠲᠡᠨ ᠤ ᠣᠷᠣᠨ ᠰᠠᠭᠤᠴᠠ ᠶᠢᠨ ᠲᠤᠬᠠᠢ᠂ ᠬᠡᠰᠡᠭ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠤ ︽ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ ᠨᠢ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭᠠᠲᠠᠨ ᠪᠣᠯᠣᠨ᠎ᠠ᠂ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ ᠨᠢ ᠪᠠᠷ᠎ᠠ ᠰᠤᠷᠠᠭ ᠦᠭᠡᠢ ᠪᠣᠯᠤᠭᠰᠠᠨ ᠪᠤᠶᠤ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠨᠢ ᠲᠣᠳᠣᠷᠬᠠᠢ ᠦᠭᠡᠢ ᠪᠠᠶᠢᠪᠠᠯ᠂ ᠭᠡᠷ ᠪᠠᠶᠢᠰᠢᠩ ᠤᠨ ᠬᠡᠷᠡᠭᠯᠡᠭᠴᠢ ᠨᠢ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭᠠᠲᠠᠨ ᠪᠣᠯᠣᠨ᠎ᠠ︾ ᠭᠡᠵᠦ ᠲᠣᠳᠣᠷᠬᠠᠢ ᠲᠣᠭᠲᠠᠭᠠᠵᠠᠢ᠂ ᠣᠷᠣᠨ ᠨᠤᠲᠤᠭ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ  ᠨᠢ ᠭᠡᠷ ᠪᠠᠶᠢᠰᠢᠩ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠯ᠎ᠡ ᠲᠠᠯ᠎ᠠ ᠶᠢᠨ ᠭᠤᠣᠯ ᠴᠣᠭᠴᠠ ᠶᠢᠨ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠳᠠᠬᠢ ᠡᠷᠬᠡ ᠪᠠ ᠡᠭᠦᠷᠭᠡ ᠶᠢ ᠲᠣᠳᠣᠷᠬᠠᠶᠢᠯᠠᠬᠤ ᠨᠢ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠥᠭᠡᠷᠡᠴᠢᠯᠡᠯᠲᠡ ᠵᠢᠴᠢ ᠣᠯᠠᠨ ᠨᠡᠶᠢᠲᠡ ᠶᠢᠨ ᠪᠡᠯᠡ ᠮᠥᠩᠭᠦ ᠶᠢ ᠪᠦᠲᠦᠮᠵᠢᠲᠡᠶ ᠴᠤᠭᠯᠠᠭᠤᠯᠬᠤ ᠶᠢ ᠠᠬᠢᠭᠤᠯᠬᠤ ᠳᠤ ᠠᠰᠢᠭᠲᠠᠢ ᠪᠠᠶᠢᠵᠤ᠂ ᠡᠯ᠎ᠡ ᠲᠠᠯ᠎ᠠ ᠶᠢᠨ ᠢᠳᠡᠪᠬᠢᠵᠢᠯ ᠪᠠ ᠰᠢᠨ᠎ᠡ ᠶᠢ ᠡᠭᠦᠳᠬᠦ ᠴᠢᠨᠠᠷ ᠢ ᠳᠠᠶᠢᠴᠢᠯᠠᠵᠤ᠂ ᠦᠷᠭᠦᠯᠵᠢᠯᠡᠭᠰᠡᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠵᠠᠭᠪᠤᠷ ᠪᠠ ᠬᠤᠲᠠ ᠶᠢᠨ ᠰᠢᠨᠡᠴᠢᠯᠡᠯᠳᠡ ᠶᠢᠨ ᠵᠠᠭᠪᠤᠷ ᠢ ᠪᠠᠶᠢᠭᠤᠯᠬᠤ ᠳᠤ ᠠᠰᠢᠭᠲᠠᠢ ᠶᠤᠮ᠃      ᠵᠠᠬ᠎ᠠ ᠳᠡᠯᠭᠡᠭᠦᠷᠴᠢᠯᠡᠬᠦ ᠲᠣᠭᠲᠠᠴᠠ ᠶᠢ ᠭᠦᠢᠴᠡᠳ ᠠᠰᠢᠭᠯᠠᠬᠤ ᠪᠣᠯ ᠵᠠᠩᠭᠢᠯᠠᠭ᠎ᠠ ᠶᠢᠨ ᠠᠷᠭ᠎ᠠ ᠵᠠᠮ ᠮᠥᠨ᠃ ︽ᠰᠠᠨᠠᠯ︾ ᠳᠤ ︽ᠵᠠᠰᠠᠭ ᠤᠨ ᠣᠷᠳᠣᠨ ᠬᠥᠲᠥᠯᠥᠨ ᠵᠢᠯᠣᠭᠤᠳᠤᠭᠰᠠᠨ᠂ ᠵᠠᠬ᠎ᠠ ᠳᠡᠯᠭᠡᠭᠦᠷ ᠢᠶᠠᠷ ᠠᠵᠢᠯᠯᠠᠭᠤᠯᠤᠭᠰᠠᠨ᠂ ᠣᠯᠠᠨ ᠨᠡᠶᠢᠲᠡ ᠪᠠᠷ ᠢᠶᠠᠨ ᠣᠷᠣᠯᠴᠠᠭᠰᠠᠨ ᠬᠤᠲᠠ ᠶᠢᠨ ᠰᠢᠨᠡᠴᠢᠯᠡᠯᠲᠡ ᠶᠢᠨ ᠦᠷᠭᠦᠯᠵᠢᠯᠡᠬᠦ ᠵᠠᠭᠪᠤᠷ ᠢ ᠪᠠᠶᠢᠭᠤᠯᠤᠨ᠎ᠠ︾ ᠭᠡᠵᠦ ᠴᠢᠬᠤᠯᠠᠴᠢᠯᠠᠵᠠᠢ᠃ ᠭᠡᠷ ᠪᠠᠶᠢᠰᠢᠩ ᠤᠨ ᠬᠡᠷᠡᠭᠯᠡᠯᠲᠡ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠳᠤ ᠵᠠᠬ᠎ᠠ ᠳᠡᠯᠭᠡᠭᠦᠷ ᠤᠨ ᠠᠵᠢᠯᠯᠠᠭᠠᠨ ᠪᠠ ᠣᠯᠠᠨ ᠨᠡᠶᠢᠲᠡ ᠶᠢᠨ ᠣᠷᠤᠯᠴᠠᠯᠭ᠎ᠠ ᠨᠠᠩ ᠴᠢᠬᠤᠯᠠᠳᠠᠢ ᠶᠤᠮ᠃ ᠭᠡᠷ ᠪᠠᠶᠢᠰᠢᠩ ᠤᠨ ᠪᠡᠶ᠎ᠡ ᠶᠢᠨ ᠪᠠᠶᠢᠴᠠᠭᠠᠯᠲᠠ ᠪᠠᠷ ᠵᠢᠱᠢᠶᠡᠯᠡᠪᠡᠯ᠂ ᠵᠠᠰᠠᠭ ᠤᠨ ᠣᠷᠳᠣᠨ ᠤ ᠦᠨᠳᠦᠰᠦᠨ ᠱᠠᠲᠤᠨ ᠤ ᠲᠤᠤᠷᠵᠢᠯ ᠤᠨ ᠠᠵᠢᠯᠲᠠᠨ ᠭᠡᠷ ᠪᠠᠶᠢᠰᠢᠩ ᠤᠨ ᠠᠮᠤᠷ ᠲᠦᠪᠰᠢᠨ ᠤ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠪᠠ ᠭᠠᠮᠰᠢᠭ ᠠᠴᠠ ᠡᠮᠦᠨᠡᠬᠢ ᠭᠤᠣᠯᠳᠠᠯᠭ᠎ᠠ ᠲᠠᠢ ᠲᠤᠰᠬᠠᠢ ᠵᠦᠢᠯ ᠤᠨ ᠵᠢᠭᠰᠠᠭᠠᠨ ᠪᠠᠶᠢᠴᠠᠭᠠᠯᠲᠠ ᠶᠢ ᠬᠠᠷᠢᠭᠤᠴᠠᠨ᠎ᠠ᠂ ᠭᠡᠪᠡᠴᠦ ᠲᠡᠭᠦᠨ ᠤ ᠬᠢᠨᠠᠨ ᠬᠠᠮᠢᠶᠠᠷᠬᠤ ᠬᠦᠴᠦᠨ ᠨᠢ ᠬᠢᠵᠠᠭᠠᠷ ᠲᠠᠢ ᠪᠣᠯᠬᠤᠷ ᠨᠡᠶᠢᠭᠡᠮ ᠤᠨ ᠭᠤᠤᠯ ᠴᠣᠭᠴᠠ ᠶᠢᠨ ᠣᠷᠣᠯᠴᠠᠬᠤ ᠶᠢ ᠲᠤᠯᠭᠠᠮ᠎ᠠ ᠱᠠᠭᠠᠷᠳᠠᠵᠤ ᠪᠠᠶᠢᠨ᠎ᠠ᠂ ᠵᠢᠱᠢᠶᠡᠯᠡᠪᠡᠯ ᠵᠠᠬ᠎ᠠ ᠳᠡᠯᠭᠡᠭᠦᠷᠴᠢᠯᠡᠬᠦ ᠲᠣᠭᠲᠠᠴᠠ ᠪᠠᠷ ᠳᠠᠮᠵᠢᠭᠤᠯᠤᠨ ᠳᠠᠭᠠᠳᠬᠠᠯ ᠤᠨ ᠺᠣᠮᠫᠠᠨᠢ ᠶᠢ ᠲᠠᠳᠠᠨ ᠣᠷᠣᠭᠤᠯᠵᠤ ᠨᠢᠭᠡᠨᠲᠡ ᠳᠠᠭᠠᠳᠬᠠᠭᠤᠯᠤᠭᠰᠠᠨ ᠭᠡᠷ ᠪᠠᠶᠢᠰᠢᠩ ᠳᠤ ᠵᠦᠷᠢᠶᠡᠴᠢᠯᠡᠭᠰᠡᠨ ᠭᠡᠷ ᠪᠠᠶᠢᠰᠢᠩ ᠤᠨ ᠠᠶᠤᠯᠭᠦᠢ ᠶᠢᠨ ᠬᠥᠳᠡᠯᠦᠩᠭᠦᠢ ᠬᠢᠨᠠᠨ ᠬᠡᠮᠵᠢᠬᠦ ᠦᠢᠯᠡᠴᠢᠯᠡᠭᠡ ᠬᠠᠩᠭᠠᠬᠤ ᠶᠢᠨ ᠬᠠᠮᠲᠤ ᠤᠯᠠᠨ ᠲᠦᠮᠡᠨ ᠢ ᠲᠠᠶᠢᠴᠢᠯᠠᠨ ᠢᠳᠡᠪᠬᠢᠲᠡᠢ ᠣᠷᠣᠯᠴᠠᠭᠤᠯᠵᠤ᠂ ᠡᠭᠦᠨ ᠤ ᠤᠯᠠᠮ ᠠᠴᠠ ᠭᠤᠷᠪᠠᠨ ᠲᠠᠯ᠎ᠠ ᠶᠢᠨ ᠬᠢᠨᠠᠨ ᠬᠠᠮᠢᠶᠠᠷᠬᠤ ᠨᠡᠶᠢᠯᠡᠮᠡᠯ ᠬᠦᠴᠦᠨ ᠢ ᠪᠤᠢ ᠪᠣᠯᠭᠠᠵᠤ᠂ ᠭᠡᠷ ᠪᠠᠶᠢᠰᠢᠩ ᠤᠨ ᠠᠶᠤᠯᠭᠦᠢ ᠶᠢᠨ ᠲᠠᠯᠳᠠ ᠭᠡᠮ ᠢ ᠴᠠᠭ ᠲᠤᠬᠠᠢ ᠳᠤᠨᠢ ᠣᠯᠵᠤ ᠮᠡᠳᠡᠬᠦ ᠪᠠ ᠰᠢᠢᠳᠪᠦᠷᠢᠯᠡᠨ᠎ᠡ᠃ ︽ᠰᠠᠨᠠᠯ︾ ᠳᠤ ︽ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠲᠣᠭᠲᠠᠴᠠ ᠶᠢᠨ ᠰᠢᠨ᠎ᠡ ᠶᠢ ᠡᠭᠦᠳᠬᠦ ᠶᠢ ᠰᠦᠪᠡᠭᠴᠢᠯᠡᠨ᠎ᠡ︾ ᠭᠡᠵᠦ ᠵᠢᠭᠠᠵᠤ ᠭᠠᠷᠭᠠᠪᠠ᠃ ᠣᠳᠣᠬᠠᠨ ᠳᠤ᠂ ᠨᠢᠩᠪᠦ᠋ᠸᠧ᠂ ᠵᠦᠵᠸᠦ ᠵᠡᠷᠭᠡ ᠲᠤᠷᠰᠢᠯᠲᠠ ᠶᠢᠨ ᠴᠡᠭ ᠪᠣᠯᠬᠤ ᠬᠤᠲᠠ ᠨᠤᠭᠤᠳ ᠭᠤᠣᠯᠳᠠᠭᠤ ᠭᠡᠷ ᠪᠠᠶᠢᠰᠢᠩ ᠤᠨ ᠳᠠᠭᠠᠳᠬᠠᠯ ᠤᠨ ᠲᠣᠭᠲᠠᠴᠠ ᠶᠢ ᠣᠷᠣᠭᠤᠯᠤᠨ ᠠᠪᠴᠢᠷᠠᠵᠤ ᠣᠲᠣ ᠶᠢᠨ ᠪᠠᠶᠢᠭ᠎ᠠ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠵᠠᠭᠪᠤᠷ ᠲᠤ ᠰᠢᠨ᠎ᠡ ᠶᠢ ᠡᠭᠦᠳᠴᠦ᠂ ︽ᠳᠠᠭᠠᠳᠬᠠᠯ + ᠦᠢᠯᠡᠴᠢᠯᠡᠭᠡ︾ ᠪᠠᠷ ᠳᠠᠮᠵᠢᠭᠤᠯᠤᠨ᠂ ᠳᠠᠭᠠᠳᠬᠠᠯ ᠤᠨ ᠺᠣᠮᠫᠠᠨᠢ ᠶᠢᠨ ᠲᠦᠭᠦᠮᠬᠡᠨ ᠢᠶᠠᠷ ︽ᠬᠡᠷᠡᠭ ᠤᠨ ᠳᠠᠷᠠᠭ᠎ᠠ ᠲᠥᠯᠥᠬᠦ︾ ᠠᠴᠠ ︽ᠬᠡᠷᠡᠭ ᠤᠨ ᠡᠮᠦᠨ᠎ᠡ ᠵᠢᠭᠰᠠᠭᠠᠨ ᠪᠠᠶᠢᠴᠠᠭᠠᠬᠤ᠂ ᠬᠡᠷᠡᠭ ᠤᠨ ᠳᠤᠮᠳᠠ ᠤᠷᠢᠳᠴᠢᠯᠠᠨ ᠰᠡᠷᠡᠮᠵᠢᠯᠡᠭᠦᠯᠬᠦ᠂ ᠬᠡᠷᠡᠭ ᠤᠨ ᠳᠠᠷᠠᠭ᠎ᠠ ᠲᠥᠯᠥᠬᠦ︾ ᠪᠥᠬᠦ ᠶᠠᠪᠤᠴᠠ ᠶᠢᠨ ᠦᠢᠯᠡᠴᠢᠯᠡᠭᠡ ᠳᠠᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ ᠪᠠᠶᠢᠨ᠎ᠠ᠃ ᠣᠳᠣᠬᠠᠨ ᠳᠤ᠂ ᠨᠢᠩᠪᠦ᠋ᠸᠧ ᠬᠤᠲᠠ ᠶᠢᠨ ᠭᠡᠷ ᠪᠠᠶᠢᠰᠢᠩ ᠤᠨ ᠠᠮᠤᠷ ᠲᠦᠪᠰᠢᠨ ᠤ ᠳᠠᠭᠠᠳᠬᠠᠯ ᠨᠢᠭᠡᠨᠲᠡ ᠬᠤᠲᠠ ᠪᠠᠯᠭᠠᠰᠤᠨ ᠤ 2.78 ᠲᠦᠮᠡᠨ ᠰᠠᠭᠤᠷᠢ ᠣᠷᠣᠨ ᠰᠠᠭᠤᠴᠠ᠂ ᠬᠥᠳᠡᠭᠡ ᠲᠣᠰᠬᠤᠨ ᠤ 130 ᠲᠦᠮᠡᠨ ᠡᠷᠦᠬᠡ ᠶᠢ ᠬᠠᠮᠤᠷᠴᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠠᠢ᠃      ᠪᠡᠯᠡ ᠮᠥᠩᠭᠦ ᠴᠤᠭᠯᠠᠭᠤᠯᠬᠤ᠂ ᠬᠠᠮᠢᠶᠠᠷᠬᠤ ᠪᠠ ᠬᠡᠷᠡᠭᠯᠡᠬᠦ ᠪᠦᠲᠦᠮᠵᠢᠲᠡᠶ ᠬᠡᠪ ᠵᠠᠭᠪᠤᠷ ᠪᠣᠯ ᠦᠨᠳᠦᠰᠦᠨ ᠪᠠᠲᠤᠯᠠᠭ᠎ᠠ ᠮᠥᠨ᠃ ︽ᠰᠠᠨᠠᠯ︾ ᠳᠤ ︽ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠢᠭᠡᠨᠲᠡ ᠪᠠᠶᠢᠭ᠎ᠠ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠣᠯᠠᠨ ᠨᠡᠶᠢᠲᠡ ᠶᠢᠨ ᠪᠡᠯᠡ ᠮᠥᠩᠭᠦ ᠴᠤᠭᠯᠠᠭᠤᠯᠬᠤ᠂ ᠬᠠᠮᠢᠶᠠᠷᠬᠤ᠂ ᠬᠡᠷᠡᠭᠯᠡᠬᠦ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠤᠨ᠎ᠠ︾ ᠭᠡᠵᠦ ᠳᠤᠷᠠᠳᠤᠨ ᠭᠠᠷᠭᠠᠪᠠ᠃ ᠣᠳᠣᠬᠠᠨ ᠳᠤ ᠪᠡᠯᠡ ᠮᠥᠩᠭᠦᠨ ᠤ ᠲᠠᠯ᠎ᠠ ᠳᠤ ᠭᠤᠣᠯᠳᠠᠭᠤ ᠭᠤᠷᠪᠠᠨ ᠶᠡᠭᠡ ᠠᠰᠠᠭᠤᠳᠠᠯ ᠣᠷᠣᠰᠢᠵᠤ ᠪᠠᠶᠢᠨ᠎ᠠ᠂ ᠨᠢᠭᠡ ᠳᠤ᠂ ᠪᠡᠯᠡ ᠮᠥᠩᠭᠦ ᠬᠦᠷᠦᠯᠴᠡᠬᠦ ᠦᠭᠡᠢ ᠪᠠᠶᠢᠬᠤ ᠠᠰᠠᠭᠤᠳᠠᠯ ᠪᠣᠯᠣᠨ᠎ᠠ᠃ ᠲᠤᠰᠬᠠᠢ ᠵᠦᠢᠯ ᠤᠨ ᠰᠡᠯᠪᠢᠨ ᠵᠠᠰᠠᠬᠤ ᠪᠡᠯᠡ ᠮᠥᠩᠭᠦ ᠶᠢ ᠦᠷᠭᠦᠯᠵᠢᠯᠡᠨ ᠴᠤᠭᠯᠠᠭᠤᠯᠵᠤ ᠦᠷᠭᠦᠯᠵᠢᠯᠡᠨ ᠲᠤᠰᠢᠶᠠᠬᠤ ᠳᠤ ᠬᠦᠴᠢᠷ᠂ ᠭᠠᠷᠭᠠᠨ ᠠᠪᠴᠤ ᠬᠡᠷᠡᠭᠯᠡᠬᠦ ᠳᠤ ᠬᠦᠴᠢᠷ᠂ ᠣᠯᠠᠨ ᠨᠡᠶᠢᠲᠡ ᠶᠢᠨ ᠪᠡᠯᠡ ᠮᠥᠩᠭᠦ ᠴᠤᠭᠯᠠᠭᠤᠯᠬᠤ ᠳᠤ ᠭᠠᠵᠠᠷ ᠰᠢᠷᠣᠢ ᠶᠢ ᠰᠢᠯᠵᠢᠭᠦᠯᠦᠨ ᠥᠭᠬᠦ ᠮᠥᠩᠭᠦ ᠶᠢ ᠪᠤᠳᠤᠵᠤ ᠠᠪᠬᠤ ᠵᠡᠷᠭᠡ ᠠᠷᠭ᠎ᠠ ᠬᠡᠯᠪᠡᠷᠢ ᠶᠢᠨ ᠲᠠᠯ᠎ᠠ ᠪᠠᠷ ᠳᠦᠷᠢᠮ ᠤᠨ ᠬᠠᠷᠰᠢ ᠰᠠᠭᠠᠳ ᠣᠷᠣᠰᠢᠵᠤ᠂ ᠬᠤᠶᠠᠷ ᠲᠥᠷᠥᠯ ᠤᠨ ᠪᠡᠯᠡ ᠮᠥᠩᠭᠦ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠰᠦᠪᠡᠭᠴᠢᠯᠡᠬᠦ ᠴᠢᠬᠤᠯᠠᠲᠠᠢ ᠪᠠᠶᠢᠨ᠎ᠠ᠂ ᠵᠢᠱᠢᠶᠡᠯᠡᠪᠡᠯ ᠶᠠᠨᠲ᠋ᠠᠢ ᠬᠤᠲᠠ ᠨᠢ ᠭᠠᠷᠭᠠᠵᠤ ᠠᠪᠤᠭᠰᠠᠨ ᠣᠯᠠᠨ ᠨᠡᠶᠢᠲᠡ ᠶᠢᠨ ᠲᠠᠩᠰᠠᠨ ᠡᠷᠦᠬᠡ ᠶᠢᠨ ᠪᠡᠯᠡ ᠮᠥᠩᠭᠦ ᠶᠢ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠥᠪᠡᠷ ᠤᠨ ᠥᠷᠲᠡᠭ ᠲᠤ ᠣᠷᠣᠭᠤᠯᠬᠤ ᠶᠢᠨ ᠬᠠᠮᠲᠤ ᠥᠮᠴᠢᠲᠡᠨ ᠢ ᠬᠥᠲᠥᠯᠥᠨ ᠵᠢᠯᠤᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠰᠡᠯᠪᠢᠨ ᠵᠠᠰᠠᠭᠤᠯᠵᠤ᠂ ᠵᠠᠰᠠᠭ ᠤᠨ ᠣᠷᠳᠣᠨ ᠠᠴᠠ ᠣᠯᠠᠨ ᠨᠡᠶᠢᠲᠡ ᠶᠢᠨ ᠲᠠᠩᠰᠠᠨ ᠡᠷᠦᠬᠡ ᠶᠢᠨ ᠪᠡᠯᠡ ᠮᠥᠩᠭᠦ ᠶᠢ ᠠᠰᠢᠭᠯᠠᠨ ᠨᠥᠬᠦᠪᠦᠷᠢ ᠣᠯᠭᠤᠵᠤ᠂ ︽ᠬᠡᠨ ᠤᠷᠢᠳᠠᠪᠠᠷ ᠰᠡᠯᠪᠢᠨ ᠵᠠᠰᠠᠪᠠᠯ ᠬᠡᠨ ᠳᠤ ᠤᠷᠢᠳᠠᠪᠠᠷ ᠨᠥᠬᠦᠪᠦᠷᠢ ᠥᠭᠴᠦ︾᠂ ᠬᠤᠶᠠᠷ ᠲᠥᠷᠥᠯ ᠤᠨ ᠲᠠᠩᠰᠠᠨ ᠡᠷᠦᠬᠡ ᠶᠢᠨ ᠪᠦᠲᠦᠮᠵᠢᠲᠡᠶ ᠬᠤᠯᠪᠣᠯᠳᠤᠯ ᠢ ᠪᠣᠶ ᠪᠤᠯᠭᠠᠪᠠ᠃ ᠬᠤᠶᠠᠷ ᠲᠤ᠂ ᠬᠡᠷᠡᠭᠯᠡᠬᠦ ᠳᠤ ᠬᠦᠴᠢᠷᠲᠡᠢ ᠪᠠᠶᠢᠬᠤ ᠠᠰᠠᠭᠤᠳᠠᠯ᠃ ᠲᠤᠰᠬᠠᠢ ᠵᠦᠢᠯ ᠤᠨ ᠰᠡᠯᠪᠢᠨ ᠵᠠᠰᠠᠬᠤ ᠪᠡᠯᠡ ᠮᠥᠩᠭᠦ ᠶᠢ ᠳᠡᠭᠡᠳᠦ ᠪᠠᠶᠢᠷᠢ ᠶᠢᠨ ᠬᠠᠤᠯᠢ ᠶᠢᠨ ᠲᠣᠭᠲᠠᠭᠠᠯ ᠳᠤ ᠬᠢᠵᠠᠭᠠᠷᠯᠠᠵᠤ᠂ ᠬᠡᠷᠡᠭᠯᠡᠬᠦ ᠶᠠᠪᠤᠴᠠ ᠨᠢ ᠶᠠᠷᠰᠢᠭ ᠲᠠᠢ ᠂ ᠥᠮᠴᠢᠲᠡᠨ ᠤ ᠪᠠᠲᠤᠯᠠᠯᠲᠠ ᠳᠤ ᠣᠷᠣᠯᠴᠠᠬᠤ ᠱᠠᠭᠠᠷᠳᠠᠯᠭ᠎ᠠ ᠥᠨᠳᠥᠷ ᠮᠥᠷᠲᠡᠭᠡᠨ ᠬᠡᠷᠡᠭᠯᠡᠬᠦ ᠬᠡᠪᠴᠢᠶ᠎ᠡ ᠶᠢᠨ ᠬᠢᠵᠠᠭᠠᠷᠯᠠᠯ ᠴᠢᠩᠭ᠎ᠠ ᠪᠠᠶᠢᠵᠤ᠂ ᠣᠯᠠᠨ ᠨᠡᠶᠢᠲᠡ ᠶᠢᠨ ᠲᠠᠩᠰᠠᠨ ᠡᠷᠦᠬᠡ ᠶᠢᠨ ᠪᠡᠯᠡ ᠮᠥᠩᠭᠦ ᠶᠢᠨ ᠬᠡᠷᠡᠭᠯᠡᠯᠲᠡ ᠳᠤ ᠴᠦ ᠲᠣᠳᠣᠷᠬᠠᠢ ᠲᠣᠭᠲᠠᠭᠠᠯ ᠦᠭᠡᠢ ᠪᠠᠶᠢᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠵᠠᠭᠪᠤᠷ ᠢ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ᠂ ᠵᠢᠱᠢᠶᠡᠯᠡᠪᠡᠯ ᠲᠤᠰᠬᠠᠢ ᠰᠡᠯᠪᠢᠨ ᠵᠠᠰᠠᠬᠤ ᠪᠡᠯᠡ ᠮᠥᠩᠭᠦ ᠶᠢᠨ ᠬᠡᠲᠦ ᠨᠡᠮᠡᠭᠳᠡᠯ ᠥᠷᠲᠡᠭ ᠤᠨ ᠠᠰᠢᠭ ᠣᠷᠣᠯᠭ᠎ᠠ ᠶᠢᠨ ᠬᠡᠷᠡᠭᠯᠡᠯᠲᠡ ᠶᠢᠨ ᠬᠡᠪᠴᠢᠶ᠎ᠡ ᠶᠢ ᠠᠭᠤᠵᠢᠭᠤ ᠲᠠᠯᠪᠢᠵᠤ᠂ ᠣᠷᠣᠨ ᠰᠠᠭᠤᠴᠠ ᠶᠢᠨ ᠳᠠᠭᠠᠳᠬᠠᠯ ᠬᠤᠳᠠᠯᠳᠤᠨ ᠠᠪᠬᠤ ᠶᠢ ᠵᠥᠪᠰᠢᠶᠡᠷᠡᠵᠦ᠂ ᠨᠡᠶᠢᠭᠡᠮ ᠤᠨ ᠬᠦᠴᠦᠨ ᠢ ᠳᠠᠶᠢᠴᠢᠯᠠᠨ᠂ ᠭᠡᠷ ᠪᠠᠶᠢᠰᠢᠩ ᠤᠨ ᠬᠡᠷᠡᠭᠯᠡᠯᠲᠡ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠪᠠᠲᠤᠯᠠᠭ᠎ᠠ ᠶᠢ ᠪᠡᠶᠡᠯᠡᠭᠦᠯᠬᠦ ᠵᠡᠷᠭᠡ ᠪᠣᠯᠣᠨ᠎ᠠ᠃ ᠭᠤᠷᠪᠠ ᠳᠤ᠂ ︽ᠬᠤᠶᠠᠷ ᠵᠠᠮ︾ ᠤᠨ ᠠᠰᠠᠭᠤᠳᠠᠯ᠃ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠪᠠ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢᠨ ᠣᠷᠣᠨ ᠰᠠᠭᠤᠴᠠ ᠶᠢᠨ ᠰᠡᠯᠪᠢᠨ ᠵᠠᠰᠠᠬᠤ ᠪᠡᠯᠡ ᠮᠥᠩᠭᠦ ᠶᠢᠨ ᠲᠤᠰᠢᠶᠠᠨ ᠬᠠᠳᠠᠭᠠᠯᠠᠭᠤᠯᠬᠤ ᠪᠠᠷᠢᠮᠵᠢᠶ᠎ᠠ ᠨᠢ ᠠᠳᠠᠯᠢ ᠪᠤᠰᠤ ᠪᠠ ᠬᠠᠮᠢᠶᠠᠷᠤᠯᠲᠠ ᠶᠢᠨ ᠠᠷᠭ᠎ᠠ ᠮᠠᠶ᠋ᠢᠭ ᠨᠢ ᠠᠳᠠᠯᠢ ᠪᠤᠰᠤ ᠪᠠᠶᠢᠵᠤ᠂ ᠪᠠᠶᠢᠭᠤᠯᠭ᠎ᠠ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠭᠤᠤᠯ ᠴᠣᠭᠴᠠ ᠪᠣᠯᠤᠭᠰᠠᠨ ᠤ ᠬᠤᠪᠢ ᠳᠤ ᠨᠡᠯᠢᠶᠡᠳ ᠶᠡᠭᠡ ︽ᠳᠠᠷᠤᠭᠠᠰᠤ︾ ᠲᠠᠢ ᠪᠠᠶᠢᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠥᠷᠥᠯ ᠬᠤᠪᠢᠶᠠᠨ ᠰᠢᠢᠳᠪᠦᠷᠢᠯᠡᠬᠦ ᠶᠢ ᠲᠤᠯᠭᠠᠮ᠎ᠠ ᠱᠠᠭᠠᠷᠳᠠᠵᠤ ᠪᠠᠶᠢᠨ᠎ᠠ᠃      ᠭᠡᠷ ᠪᠠᠶᠢᠰᠢᠩ ᠤᠨ ᠬᠡᠷᠡᠭᠯᠡᠯᠲᠡ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠬᠦ ᠳᠤ ᠴᠢᠬᠤᠯᠠ ᠠᠴᠢ ᠬᠤᠯᠪᠣᠭᠳᠠᠯ ᠲᠠᠢ᠂ ᠦᠵᠡᠯ ᠰᠠᠨᠠᠭ᠎ᠠ ᠪᠠᠨ ᠨᠢᠭᠡᠳᠬᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠭᠡᠷ ᠪᠠᠶᠢᠰᠢᠩ ᠤᠨ ᠠᠮᠤᠷ ᠲᠦᠪᠰᠢᠨ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠳᠦᠷᠢᠮ ᠢ ᠲᠠᠰᠤᠷᠠᠯᠲᠠ ᠦᠭᠡᠢ ᠰᠦᠪᠡᠭᠴᠢᠯᠡᠨ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠪᠡᠯᠡ ᠮᠥᠩᠭᠦ ᠴᠤᠭᠯᠠᠭᠤᠯᠬᠤ᠂ ᠬᠠᠮᠢᠶᠠᠷᠬᠤ᠂ ᠬᠡᠷᠡᠭᠯᠡᠬᠦ ᠵᠠᠭᠪᠤᠷ ᠢ ᠪᠠᠶᠢᠭᠤᠯᠤᠨ᠂ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1