ᠲᠤᠰᠬᠠᠢ ᠮᠡᠷᠭᠡᠵᠢᠯᠳᠡᠨ ᠤ ᠲᠠᠶᠢᠯᠤᠮᠵᠢ᠄ ᠬᠤᠲᠠ ᠶᠢᠨ ᠰᠢᠨᠡᠴᠢᠯᠡᠯᠲᠡ ᠶᠢᠨ ᠪᠥᠬᠦ ᠲᠠᠯ᠎ᠠ ᠪᠠᠷ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠳᠤ ᠦᠵᠡᠭᠦᠯᠬᠦ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ — ᠸᠠᠩ ᠪᠢᠨ ᠦ᠋
ᠨᠡᠶᠢᠲᠡᠯᠡᠭᠰᠡᠨ ᠴᠠᠭ᠄
2025/6/4
      ᠬᠤᠳᠠ ᠪᠣᠯ ᠳᠣᠲᠣᠭᠠᠳᠤ ᠬᠡᠷᠡᠭᠴᠡᠭᠡ ᠶᠢ ᠥᠷᠭᠡᠳᠬᠡᠨ ᠪᠡᠯᠡ ᠣᠷᠣᠭᠤᠯᠤᠯᠲᠠ ᠶᠢ ᠠᠬᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠦᠴᠦᠷᠬᠡᠭ ᠶᠡᠭᠡ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠬᠤ ᠴᠢᠬᠤᠯᠠ ᠠᠴᠢᠶᠠᠯᠠᠪᠤᠷᠢ ᠮᠥᠨ᠂ ᠬᠤᠳᠠ ᠶᠢᠨ ᠰᠢᠨᠡᠴᠢᠯᠡᠯᠲᠡ ᠪᠣᠯ ᠬᠤᠳᠠ ᠶᠢᠨ ᠦᠷᠭᠦᠯᠵᠢᠯᠡᠬᠦ ᠴᠢᠨᠠᠷ ᠰᠠᠶᠢᠲᠠᠢ ᠬᠥᠭᠵᠢᠯᠲᠡ ᠶᠢᠨ ᠮᠥᠩᠬᠡ ᠶᠢᠨ ᠭᠤᠣᠯ ᠰᠡᠳᠦᠪ ᠮᠥᠨ᠃ ᠶᠡᠷᠦᠩᠬᠡᠢ ᠱᠦᠵᠢ ᠰᠢ ᠶᠢᠨ ᠫᠢᠩ᠂ ︽ᠬᠤᠲᠠ ᠶᠢᠨ ᠪᠦᠲᠦᠭᠡᠨ ᠪᠠᠶᠢᠭᠤᠯᠤᠯᠲᠠ ᠳᠤ ᠡᠷᠬᠡᠪᠰᠢ ᠠᠷᠠᠳ ᠲᠦᠮᠡᠨ ᠤ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠤᠷ ᠲᠠᠶᠢᠪᠤᠩ ᠪᠠᠶᠢᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠠᠮᠤᠭ ᠤᠨ ᠰᠠᠶᠢᠨ ᠡᠬᠢ ᠪᠠᠶᠠᠯᠢᠭ ᠢ ᠠᠷᠠᠳ ᠲᠦᠮᠡᠨ ᠳᠤ ᠦᠯᠡᠳᠡᠭᠡᠵᠦ ᠥᠭᠬᠦ ᠬᠡᠷᠡᠭᠲᠡᠢ︾ ᠭᠡᠵᠦ ᠴᠢᠬᠤᠯᠠᠴᠢᠯᠠᠪᠠ᠃ 2024 ᠣᠨ ᠤ ᠵᠢᠯ ᠤᠨ ᠰᠡᠭᠦᠯᠴᠢ ᠶᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ︽ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠬᠡᠬᠦ︾ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠭᠰᠡᠨ ᠪᠥᠭᠡᠳ ᠬᠤᠳᠠ ᠶᠢᠨ ᠰᠢᠨᠡᠴᠢᠯᠡᠯᠲᠡ ᠶᠢ ᠶᠡᠬᠡᠪᠡᠷ ᠬᠡᠷᠡᠭᠵᠢᠭᠦᠯᠬᠦ ᠶᠢ ᠲᠡᠭᠦᠨ ᠤ ᠴᠢᠬᠤᠯᠠ ᠠᠭᠤᠯᠭ᠎ᠠ ᠪᠣᠯᠭᠠᠭᠰᠠᠨ ᠪᠠᠶᠢᠨ᠎ᠠ᠃ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠰᠢᠨ᠎ᠡ ᠱᠠᠲᠤᠨ ᠳᠠᠬᠢ ᠬᠤᠲᠠ ᠶᠢᠨ ᠰᠢᠨᠡᠴᠢᠯᠡᠯᠲᠡ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ᠂ ᠭᠤᠣᠯ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠶᠢ ᠲᠣᠳᠣᠷᠬᠠᠢ ᠲᠣᠭᠲᠠᠭᠠᠵᠠᠢ᠂ ᠡᠨᠡ ᠪᠣᠯ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠵᠢᠯᠣᠭᠤᠳᠤᠨ ᠬᠡᠷᠡᠭᠵᠢᠭᠦᠯᠬᠦ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠮᠥᠨ᠂ ᠡᠨᠡ ᠨᠢ ᠮᠠᠨ ᠤ ᠤᠯᠤᠰ ᠤᠨ ᠬᠤᠲᠠ ᠶᠢᠨ ᠴᠢᠨᠠᠷ ᠰᠠᠶᠢᠲᠠᠢ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢᠨ ᠴᠢᠭᠯᠡᠯ ᠢ ᠲᠣᠳᠣᠷᠬᠠᠢ ᠵᠢᠭᠠᠵᠤ ᠥᠭᠭᠦᠭᠰᠡᠨ ᠪᠠᠶᠢᠨ᠎ᠠ᠃      ᠬᠤᠳᠠ ᠶᠢᠨ ᠰᠢᠨᠡᠴᠢᠯᠡᠯᠳᠡ ᠶᠢᠨ ᠨᠡᠮᠡᠭᠳᠡᠯ ᠢ ᠲᠣᠭᠲᠠᠪᠤᠷᠢᠵᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠬᠡᠯᠪᠡᠷᠢ ᠬᠤᠪᠢᠷᠠᠭᠤᠯᠬᠤ ᠶᠢ ᠠᠬᠢᠭᠤᠯᠬᠤ ᠳᠤ ᠦᠵᠡᠭᠦᠯᠬᠦ ᠢᠳᠡᠪᠬᠢ ᠦᠢᠯᠡᠳᠦᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠳᠡᠢ       ᠮᠠᠨ ᠤ ᠤᠯᠤᠰ ᠤᠨ ᠬᠤᠳᠠ ᠪᠠᠯᠭᠠᠰᠤᠨ ᠤ ᠤᠳᠤ ᠪᠠᠶᠢᠭ᠎ᠠ ᠭᠡᠷ ᠪᠠᠶᠢᠰᠢᠩ ᠤᠨ ᠶᠡᠷᠦᠩᠬᠡᠢ ᠬᠡᠮᠵᠢᠶ᠎ᠡ 662 ᠳ᠋ᠦᠩᠰᠢᠭᠤᠷ ᠲᠡᠭᠰᠢ ᠳᠥᠷᠪᠡᠯᠵᠢᠨ ᠮᠧᠲᠷ ᠲᠤ ᠬᠦᠷᠴᠦ᠂ ᠬᠤᠳᠠ ᠶᠢᠨ ᠶᠠᠪᠤᠳᠠᠯ ᠤᠨ ᠬᠤᠭᠤᠯᠠᠢ ᠲᠣᠣᠷ 360 ᠭᠠᠷᠤᠢ ᠲᠦᠮᠡᠨ ᠺᠢᠯᠣᠮᠧᠲᠷ᠂ ᠬᠤᠳᠠ ᠶᠢᠨ ᠶᠠᠪᠤᠳᠠᠯ ᠤᠨ ᠵᠠᠮ 23 ᠲᠦᠮᠡᠨ ᠵᠤᠷᠪᠤᠰ᠂ ᠬᠥᠭᠦᠷᠭᠡ 9 ᠲᠦᠮᠡᠨ ᠰᠠᠭᠤᠷᠢ ᠪᠠᠶᠢᠵᠤ᠂ ᠰᠢᠨᠡᠳᠬᠡᠨ ᠥᠭᠡᠷᠡᠴᠢᠯᠡᠬᠦ ᠬᠡᠷᠡᠭᠴᠡᠭᠡ ᠯᠤᠲᠤ ᠶᠡᠭᠡ ᠪᠠᠶᠢᠨ᠎ᠠ᠃ ᠠᠵᠤ ᠦᠢᠯᠡᠰ ᠢ ᠳᠠᠶᠢᠴᠢᠯᠠᠬᠤ ᠲᠠᠯ᠎ᠠ ᠪᠠᠷ᠂ ᠬᠤᠲᠠ ᠶᠢᠨ ᠰᠢᠨᠡᠴᠢᠯᠡᠯᠲᠡ ᠨᠢ ᠦᠷ᠎ᠡ ᠠᠰᠢᠭ ᠢᠶᠠᠷ ᠳᠣᠣᠷ᠎ᠠ ᠭᠠᠵᠠᠷ ᠰᠢᠷᠣᠢ ᠪᠣᠯᠣᠨ ᠬᠠᠭᠤᠴᠢᠨ ᠪᠠᠷᠢᠯᠭ᠎ᠠ ᠶᠢ ᠠᠮᠢᠳᠤᠯᠢᠭ ᠢᠶᠠᠷ ᠠᠰᠢᠭᠯᠠᠬᠤ ᠪᠠᠷ ᠳᠡᠮᠵᠢᠨ᠂ ᠪᠣᠯᠣᠳ ᠲᠡᠮᠦᠷ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠳᠡᠭᠡᠳᠦ ᠤᠷᠤᠰᠬᠠᠯ ᠤᠨ ᠠᠵᠤ ᠦᠢᠯᠡᠰ ᠢ ᠰᠢᠭᠤᠳ ᠳᠠᠶᠢᠴᠢᠯᠠᠵᠤ ᠪᠣᠯᠬᠤ ᠮᠥᠷᠲᠡᠭᠡᠨ ᠭᠡᠷ ᠤᠨ ᠡᠳ᠋ᠯᠡᠯ ᠬᠡᠷᠡᠭᠰᠡᠯ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠬᠦᠷᠢᠶᠡᠨ ᠳᠠᠬᠢ ᠬᠡᠷᠡᠭᠯᠡᠭᠡ ᠶᠢ ᠪᠦᠲᠦᠮᠵᠢᠲᠡᠶ ᠠᠬᠢᠭᠤᠯᠵᠤ ᠴᠢᠳᠠᠨ᠎ᠠ᠃ ᠲᠦᠷᠰᠦ ᠪᠠᠶᠢᠳᠠᠯ ᠢ ᠪᠠᠶᠠᠯᠢᠭᠵᠢᠭᠤᠯᠬᠤ ᠲᠠᠯ᠎ᠠ ᠪᠠᠷ᠂ ᠬᠠᠭᠤᠴᠢᠨ ᠵᠡᠭᠡᠯᠢ ᠲᠣᠭᠤᠷᠢᠭ᠂ ᠬᠠᠭᠤᠴᠢᠨ ᠦᠢᠯᠡᠳᠪᠦᠷᠢ ᠲᠣᠭᠤᠷᠢᠭ᠂ ᠲᠡᠦᠬᠡ ᠰᠣᠶᠣᠯ ᠤᠨ ᠵᠡᠭᠡᠯᠢ ᠲᠣᠭᠤᠷᠢᠭ ᠵᠡᠷᠭᠡ ᠬᠤᠳᠠ ᠶᠢᠨ ᠴᠠᠭ ᠦᠶ᠎ᠡ ᠶᠢᠨ ᠤᠯᠠ ᠮᠥᠷ ᠲᠠᠢ ᠣᠷᠣᠨ ᠵᠠᠢ ᠶᠢ ᠰᠢᠨᠡᠳᠬᠡᠨ ᠥᠭᠡᠷᠡᠴᠢᠯᠡᠬᠦ ᠪᠠᠷ ᠳᠠᠮᠵᠢᠭᠤᠯᠵᠤ᠂ ᠤᠯᠠᠨ ᠡᠰᠢᠲᠦ ᠬᠡᠷᠡᠭᠯᠡᠭᠡᠨ ᠤ ᠲᠠᠯᠠᠪᠤᠷ ᠢ ᠪᠤᠢ ᠪᠣᠯᠭᠠᠵᠤ᠂ ᠤᠷᠳᠤ ᠬᠤᠭᠤᠴᠠᠭ᠎ᠠ ᠪᠠᠷ ᠡᠵᠡᠩᠨᠡᠬᠦ᠂ ᠦᠷᠳᠡᠭ ᠨᠡᠮᠡᠭᠳᠡᠯ ᠤᠨ ᠦᠢᠯᠡᠴᠢᠯᠡᠭᠡ ᠪᠠᠷ ᠲᠤᠯᠭᠠᠭᠤᠷᠢᠯᠠᠯ ᠪᠣᠯᠭᠠᠭᠰᠠᠨ ᠬᠥᠭᠵᠢᠯᠲᠡ ᠶᠢᠨ ᠰᠢᠨ᠎ᠡ ᠵᠠᠭᠪᠤᠷ ᠢ ᠪᠦᠷᠢᠯᠳᠦᠭᠦᠯᠵᠦ ᠪᠣᠯᠣᠨ᠎ᠠ᠃ ᠣᠷᠣᠨ ᠰᠠᠭᠤᠴᠠ ᠶᠢᠨ ᠬᠡᠷᠡᠭᠯᠡᠭᠡ ᠶᠢᠨ ᠲᠠᠯ᠎ᠠ ᠪᠠᠷ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠨ ᠰᠠᠭᠤᠴᠠ ᠶᠢᠨ ᠬᠠᠩᠭᠠᠯᠭ᠎ᠠ ᠶᠢ ᠰᠠᠶᠢᠵᠢᠷᠠᠭᠤᠯᠵᠦ᠂ ᠠᠷᠠᠳ ᠣᠯᠠᠨ ᠤ ᠰᠠᠶᠢᠨ ᠭᠡᠷ ᠪᠠᠶᠢᠰᠢᠩ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ ᠬᠡᠯᠪᠡᠷᠢ ᠪᠠᠨ ᠲᠦᠷᠭᠡᠪᠴᠢᠯᠡᠨ ᠬᠤᠪᠢᠷᠠᠭᠤᠯᠬᠤ ᠶᠢ ᠳᠡᠮᠵᠢᠨ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠳᠤ ᠬᠦᠴᠦᠨ ᠨᠡᠮᠡᠷᠢᠯᠡᠵᠦ ᠴᠢᠳᠠᠨ᠎ᠠ᠃ ᠬᠡᠯᠪᠡᠷᠢ ᠬᠤᠪᠢᠷᠠᠭᠤᠯᠤᠨ ᠲᠡᠰ ᠳᠡᠪᠰᠢᠭᠦᠯᠬᠦ ᠲᠠᠯ᠎ᠠ ᠪᠠᠷ᠂ ᠬᠤᠳᠠ ᠶᠢᠨ ᠰᠢᠨᠡᠴᠢᠯᠡᠯᠲᠡ ᠶᠢᠨ ᠳᠤᠮᠳᠠ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠣᠶᠤᠨᠴᠢ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠢ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠨᠢ ᠬᠤᠳᠠ ᠶᠢᠨ ᠠᠵᠤ ᠦᠢᠯᠡᠰ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠬᠦ ᠳᠤ ᠠᠰᠢᠭᠲᠠᠢ ᠶᠤᠮ᠃      ᠬᠤᠳᠠ ᠶᠢᠨ ᠰᠢᠨᠡᠴᠢᠯᠡᠯᠲᠡ ᠪᠣᠯ ᠭᠠᠳᠠᠭᠠᠳᠤ ᠴᠢᠨᠠᠷ ᠢᠶᠠᠷ ᠨᠡᠯᠢᠶᠡᠳ ᠴᠢᠩᠭ᠎ᠠ ᠨᠢᠭᠡ ᠵᠦᠢᠯ ᠤᠨ ᠠᠵᠢᠯ ᠪᠣᠯᠬᠤ ᠶᠢ ᠦᠢᠯᠡᠳᠦᠯᠭᠡ ᠭᠡᠷᠡᠴᠢᠯᠡᠵᠡᠢ᠃ ᠠᠵᠤ ᠠᠬᠤᠢ ᠶᠢᠨ ᠲᠠᠯ᠎ᠠ ᠪᠠᠷ᠂ ᠣᠷᠣᠨ ᠪᠦᠰᠡ ᠶᠢᠨ ᠰᠠᠭᠤᠷᠢ ᠲᠥᠬᠦᠭᠡᠷᠦᠮᠵᠢ ᠪᠠ ᠴᠢᠳᠠᠮᠵᠢ ᠶᠢᠨ ᠪᠠᠶᠢᠷᠢᠰᠢᠭᠤᠯᠤᠯᠲᠠ ᠶᠢ ᠰᠠᠶᠢᠵᠢᠷᠠᠭᠤᠯᠬᠤ ᠪᠠᠷ ᠳᠡᠮᠵᠢᠨ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ ᠴᠢᠳᠠᠨ᠎ᠠ᠂ ᠵᠢᠱᠢᠶᠡᠯᠡᠪᠡᠯ᠂ ᠵᠢᠶᠠᠩᠰᠤ ᠮᠤᠵᠢ ᠶᠢᠨ ᠰᠦᠵᠧᠦ ᠶᠢᠨ ᠱᠢ ᠴᠢᠤᠸᠠᠨ ᠵᠡᠭᠡᠯᠢ ᠶᠢ ᠥᠭᠡᠷᠡᠴᠢᠯᠡᠭᠰᠡᠨ ᠤ ᠳᠠᠷᠠᠭ᠎ᠠ ᠰᠥᠨᠢ ᠶᠢᠨ ᠡᠵᠡᠩᠨᠡᠯᠲᠡ ᠶᠢᠨ ᠴᠠᠭ ᠢ 2 ᠴᠠᠭ ᠤᠷᠲᠤᠳᠬᠠᠵᠤ᠂ ᠳᠡᠯᠭᠡᠭᠦᠷ ᠫᠦᠰᠡ ᠶᠢᠨ ᠡᠵᠡᠩᠨᠡᠯᠲᠡ ᠶᠢᠨ ᠨᠣᠷᠮ᠎ᠠ ᠶᠢ 30%—50% ᠪᠠᠷ ᠳᠡᠭᠡᠭᠰᠢᠯᠡᠭᠦᠯᠵᠦ᠂ ᠥᠰᠢ ᠯᠠᠨ ᠰᠢᠷᠢᠰ ᠬᠦᠷᠢᠶᠡᠯᠡᠩ ᠲᠣᠭᠤᠷᠢᠭ ᠲᠤ ᠬᠠᠶᠠᠭᠳᠠᠮᠠᠯ ᠦᠢᠯᠡᠳᠪᠦᠷᠢ ᠶᠢᠨ ᠪᠠᠶᠢᠰᠢᠩ ᠢ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠪᠣᠯᠭᠠᠨ ᠥᠭᠡᠷᠡᠴᠢᠯᠡᠵᠦ᠂ 100 ᠭᠠᠷᠤᠢ ᠠᠵᠤ ᠠᠬᠤᠶᠢᠯᠠᠯ ᠢ ᠲᠡᠳᠡᠨ ᠰᠠᠭᠤᠯᠭᠠᠵᠤ᠂ ᠵᠢᠯ ᠤᠨ ᠭᠠᠶᠢᠯᠢ ᠲᠠᠲᠠᠪᠤᠷᠢ ᠶᠢᠨ ᠬᠤᠪᠢ ᠨᠡᠮᠡᠷᠢ ᠨᠢ 1500 ᠲᠦᠮᠡᠨ ᠲᠥᠭᠦᠷᠢᠭ ᠢ ᠳᠠᠪᠠᠵᠠᠢ᠃ ᠨᠡᠶᠢᠭᠡᠮ ᠤᠨ ᠳᠠᠪᠬᠤᠷᠭ᠎ᠠ ᠳᠤ᠂ ᠵᠢᠱᠢᠶᠡᠯᠡᠪᠡᠯ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠦᠢᠯᠡᠰ ᠢ ᠬᠡᠷᠡᠭᠵᠢᠭᠦᠯᠬᠦ ᠶᠠᠪᠤᠴᠠ ᠳᠤ᠂ ᠠᠷᠠᠳ ᠤᠨ ᠰᠠᠨᠠᠭ᠎ᠠ ᠶᠢ ᠴᠤᠭᠯᠠᠭᠤᠯᠬᠤ ᠪᠠ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ᠂ ᠨᠡᠶᠢᠭᠡᠮ ᠲᠣᠭᠤᠷᠢᠭ ᠤᠨ ᠣᠷᠤᠯᠴᠠᠯᠭ᠎ᠠ ᠶᠢᠨ ᠬᠡᠮᠵᠢᠶ᠎ᠡ ᠶᠢᠨ ᠳᠡᠭᠡᠭᠰᠢᠯᠡᠯᠲᠡ ᠲᠠᠢ ᠰᠢᠭᠤᠳ ᠬᠤᠯᠪᠣᠭᠳᠠᠬᠤ ᠨᠡᠶᠢᠭᠡᠮ ᠤᠨ ᠦᠷ᠎ᠡ ᠠᠰᠢᠭ ᠤᠨ ᠤᠷᠳᠤ ᠬᠤᠭᠤᠴᠠᠭᠠᠨ ᠤ ᠦᠷᠭᠦᠯᠵᠢᠯᠡᠬᠦ ᠴᠢᠨᠠᠷ ᠢ ᠴᠢᠩᠭᠠᠳᠬᠠᠵᠤ ᠴᠢᠳᠠᠨ᠎ᠠ᠃ ᠰᠣᠶᠣᠯ ᠤᠨ ᠲᠠᠯ᠎ᠠ ᠪᠠᠷ᠂ ᠬᠤᠳᠠ ᠶᠢᠨ ᠰᠢᠨᠡᠴᠢᠯᠡᠯᠲᠡ ᠨᠢ ᠲᠡᠦᠬᠡ ᠰᠣᠶᠣᠯ ᠤᠨ ᠰᠤᠳᠠᠰᠤ ᠶᠢ ᠨᠡᠩ ᠰᠠᠶᠢᠲᠤᠷ ᠦᠷᠭᠦᠯᠵᠢᠯᠡᠭᠦᠯᠵᠦ᠂ ᠬᠤᠳᠠ ᠶᠢᠨ ᠣᠨᠴᠠᠯᠢᠭ ᠢ ᠨᠡᠩ ᠰᠠᠶᠢᠲᠤᠷ ᠬᠠᠮᠠᠭᠠᠯᠠᠵᠦ ᠪᠠᠶᠢᠨ᠎ᠠ᠂ ᠹᠦᠵᠢᠶᠠᠨ ᠤ ᠹᠦᠵᠧᠦ ᠶᠢᠨ ᠰᠠᠨ ᠹᠠᠩ ᠴᠢ ᠭᠤᠳᠤᠮᠵᠢ᠂ ᠵᠢᠩ ᠳ᠋ᠧ ᠵᠧᠨ ᠪᠠᠯᠭᠠᠰᠤ ᠶᠢᠨ ᠲᠤᠤ ᠰᠢ ᠴᠤᠸᠠᠨ ᠵᠡᠷᠭᠡ ᠭᠠᠵᠠᠷ ᠤᠨ ᠬᠢᠨ ᠲᠡᠦᠬᠡ ᠰᠣᠶᠣᠯ ᠢ ᠠᠭᠤᠳᠠᠯᠬᠤ ᠪᠠᠷ ᠳᠠᠮᠵᠢᠭᠤᠯᠵᠤ᠂ ᠤᠯᠠᠮᠵᠢᠯᠠᠯᠲᠤ ᠡᠯᠧᠮᠧᠨ᠋ᠲ ᠪᠣᠯᠣᠨ ᠤᠳᠤ ᠦᠶ᠎ᠡ ᠶᠢᠨ ᠵᠢᠷᠤᠭ ᠲᠥᠯᠥᠪᠯᠡᠭᠡ ᠶᠢ ᠤᠶᠠᠯᠳᠤᠭᠤᠯᠵᠤ᠂ ᠰᠣᠶᠣᠯ ᠢ ᠢᠯᠭᠠᠨ ᠲᠠᠨᠢᠬᠤ ᠬᠡᠮᠵᠢᠶ᠎ᠡ ᠪᠣᠯᠣᠨ ᠵᠠᠬ᠎ᠠ ᠳᠡᠯᠭᠡᠭᠦᠷ ᠤᠨ ᠲᠠᠲᠠᠬᠤ ᠬᠦᠴᠦᠨ ᠲᠠᠢ ᠣᠷᠣᠨ ᠵᠠᠢ ᠶᠢ ᠴᠣᠭᠴᠠᠯᠠᠵᠤ ᠴᠢᠳᠠᠨ᠎ᠠ᠃ ᠣᠷᠴᠢᠨ ᠲᠣᠭᠤᠷᠢᠨ ᠤ ᠲᠠᠯ᠎ᠠ ᠪᠠᠷ᠂ ᠬᠤᠳᠠ ᠶᠢᠨ ᠠᠮᠢ ᠠᠬᠤᠢ ᠶᠢᠨ ᠰᠢᠰᠲ᠋ᠧᠮ ᠢ ᠰᠡᠷᠭᠦᠭᠡᠬᠦ ᠪᠠᠷ ᠳᠠᠮᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠪᠣᠯᠣᠨ ᠣᠷᠣᠨ ᠵᠠᠢ ᠶᠢᠨ ᠴᠢᠨᠠᠷ ᠴᠢᠨᠰᠠᠭ᠎ᠠ ᠶᠢ ᠢᠯᠡᠳᠲᠡ ᠰᠠᠶᠢᠵᠢᠷᠠᠭᠤᠯᠵᠤ᠂ ᠱᠠᠨᠳᠦ᠋ᠩ ᠤᠨ ᠸᠧᠢ ᠬᠠᠢ ᠶᠢᠨ ᠭᠠᠯ ᠪᠠᠮᠪᠠᠷ ᠨᠠᠢᠮᠠᠳᠤᠭᠠᠷ ᠵᠡᠭᠡᠯᠢ︽ᠥᠨᠴᠥᠭ ᠪᠤᠯᠤᠩ ᠢᠶᠠᠷ ᠲᠠᠯᠠᠢ ᠳᠤ ᠬᠠᠷᠠᠭᠳᠠᠬᠤ︾ ᠰᠦᠯᠵᠢᠶᠡᠨ ᠤ ᠤᠯᠠᠭᠠᠨ ᠭᠠᠵᠠᠷ ᠤᠨ ᠲᠡᠮᠳᠡᠭ ᠢ ᠡᠭᠦᠳᠴᠦ᠂ ᠲᠠᠯᠠᠢ ᠳᠠᠭᠠᠤ ᠠᠮᠢ ᠠᠬᠤᠢ ᠶᠢᠨ ᠦᠷᠳᠡᠭ ᠢ ᠠᠮᠢᠯᠠᠭᠤᠯᠤᠨ᠎ᠠ︔ ᠵᠢᠶᠠᠩᠰᠤ ᠶᠢᠨ ᠨᠠᠨᠲ᠋ᠦᠶᠢᠩ ᠤᠨ ᠦᠱᠠᠨ ᠣᠷᠣᠨ ᠳᠤ ᠬᠥᠬᠡᠮᠥ᠋ᠷᠡᠨ ᠤ ᠡᠷᠭᠢ ᠶᠢᠨ ᠱᠤᠭᠤᠮ ᠤᠨ ᠠᠮᠢ ᠠᠬᠤᠢ ᠶᠢ ᠵᠠᠰᠠᠨ ᠰᠡᠷᠭᠦᠭᠡᠵᠦ ᠂ ᠣᠶᠢᠲᠤ ᠭᠠᠵᠠᠷ᠂ ᠴᠢᠭᠢᠭᠯᠢᠭ ᠭᠠᠵᠠᠷ ᠵᠡᠷᠭᠡ ᠪᠠᠶᠢᠭᠠᠯᠢ ᠶᠢᠨ ᠠᠮᠢᠳᠤᠷᠠᠯ ᠤᠨ ᠣᠷᠴᠢᠨ ᠢ ᠰᠡᠷᠭᠦᠭᠡᠵᠦ᠂ ᠬᠥᠷᠥᠰᠥ ᠰᠢᠷᠣᠢ ᠶᠢ ᠬᠠᠮᠠᠭᠠᠯᠠᠬᠤ ᠪᠠ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠶᠢ ᠠᠬᠢᠭᠤᠯᠪᠠ᠃      ᠬᠤᠲᠠ ᠶᠢᠨ ᠰᠢᠨᠡᠴᠢᠯᠡᠯᠲᠡ ᠶᠢᠨ ᠪᠦᠲᠦᠮᠵᠢᠲᠡᠶ ᠪᠡᠯᠡ ᠣᠷᠣᠭᠤᠯᠤᠯᠲᠠ ᠶᠢ ᠣᠯᠠᠨ ᠳᠠᠪᠬᠤᠷ ᠬᠡᠮᠵᠢᠯᠲᠡ ᠪᠠᠷ ᠥᠷᠭᠡᠳᠬᠡᠨ᠎ᠡ      ᠮᠠᠨ ᠤ ᠤᠯᠤᠰ ᠤᠨ ᠪᠡᠯᠡ ᠣᠷᠣᠭᠤᠯᠤᠯᠲᠠ ᠶᠢᠨ ᠦᠷ᠎ᠡ ᠪᠦᠲᠦᠮᠵᠢ ᠪᠦᠬᠦ ᠪᠥᠮᠪᠥᠷᠴᠡᠭ ᠤᠨ ᠭᠤᠣᠯ ᠪᠣᠯᠬᠤ ᠠᠵᠤ ᠠᠬᠤᠢ ᠶᠢᠨ ᠴᠤᠭᠴᠠ ᠠᠴᠠ ᠲᠠᠪᠠᠵᠠᠢ᠃ 2024 ᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠪᠠᠭᠲᠠᠬᠤ ᠦᠭᠡᠢ︶ 51.4 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠬᠡᠪᠴᠢᠶ᠎ᠡ ᠪᠠᠷ ᠯᠤᠲᠤ ᠶᠡᠭᠡ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠬᠠᠳᠠᠭᠠᠯᠠᠯᠲᠠ ᠶᠢᠨ ᠬᠡᠮᠵᠢᠶ᠎ᠡ ᠶᠢ ᠪᠣᠶ ᠪᠣᠯᠭᠠᠪᠠ᠂ ᠡᠨᠡ ᠨᠢ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠠᠴᠠ ᠪᠣᠶ ᠪᠣᠯᠤᠭᠰᠠᠨ ᠡᠷᠬᠢᠮ ᠨᠠᠨᠳᠢᠨ ᠦᠷ᠎ᠡ ᠪᠦᠲᠦᠭᠡᠯ ᠪᠣᠯᠬᠤ ᠪᠠᠷ ᠪᠠᠷᠠᠬᠤ ᠦᠭᠡᠢ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠳᠤ ᠠᠰᠢᠭᠲᠠᠢ ᠪᠣᠳᠠᠰ ᠤᠨ ᠨᠥᠬᠦᠴᠡᠯ ᠢ ᠡᠭᠦᠳᠴᠦ ᠥᠭᠭᠦᠭᠰᠡᠨ ᠪᠠᠶᠢᠨ᠎ᠠ᠃ ᠣᠶᠢᠷ᠎ᠠ ᠶᠢᠨ ᠵᠢᠯ ᠠᠴᠠ᠂ ᠮᠠᠨ ᠤ ᠤᠯᠤᠰ ᠤᠨ ᠪᠡᠯᠡ ᠣᠷᠣᠭᠤᠯᠤᠯᠲᠠ ᠶᠢᠨ ᠦᠷ᠎ᠡ ᠠᠰᠢᠭ ᠬᠡᠳᠦᠶᠢᠪᠡᠷ ᠪᠠᠭᠤᠷᠠᠭᠰᠠᠨ ᠪᠣᠯᠪᠠᠴᠤ᠂ ᠤᠯᠠᠨ ᠤᠯᠤᠰ ᠤᠨ ᠬᠠᠷᠢᠴᠠᠭᠤᠯᠤᠯ ᠠᠴᠠ ᠦᠵᠡᠪᠡᠯ ᠪᠡᠯᠡ ᠣᠷᠣᠭᠤᠯᠤᠯᠲᠠ ᠶᠢᠨ ᠦᠷ᠎ᠡ ᠠᠰᠢᠭ ᠮᠥᠨᠬᠦ ᠢᠯᠡᠳᠲᠡ ᠳᠠᠪᠠᠭᠤᠯᠢᠭ ᠲᠠᠢ ᠪᠠᠶᠢᠨ᠎ᠠ᠂ ᠳᠡᠯᠡᠬᠡᠢ ᠶᠢᠨ ᠪᠠᠩᠬᠢ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ 2023 ᠣᠨ ᠤ ᠮᠠᠨ ᠤ ᠤᠯᠤᠰ ᠤᠨ ᠨᠡᠮᠡᠭᠳᠡᠯ ᠬᠥᠷᠥᠩᠭᠡ ᠶᠢᠨ ᠭᠠᠷᠭᠠᠯᠲᠠ ᠶᠢᠨ ᠨᠤᠷᠮ᠎ᠠ ︵ᠲᠤᠬᠠᠶᠢᠯᠠᠪᠠᠯ ᠬᠥᠷᠥᠩᠭᠡ ᠶᠢᠨ ᠬᠤᠪᠢᠷᠠᠯᠲᠠ ᠶᠢᠨ ᠬᠡᠮᠵᠢᠶ᠎ᠡ ᠪᠣᠯᠣᠨ ᠭᠠᠷᠭᠠᠯᠲᠠ ᠶᠢᠨ ᠬᠤᠪᠢᠷᠠᠯᠲᠠ ᠶᠢᠨ ᠬᠡᠮᠵᠢᠶ᠎ᠡ ᠶᠢᠨ ᠬᠠᠷᠢᠴᠠᠯ᠂ ᠲᠤᠭ᠎ᠠ ᠬᠡᠮᠵᠢᠭᠳᠡᠯ ᠬᠡᠳᠦᠢ ᠪᠠᠭ᠎ᠠ ᠪᠣᠯᠬᠤ ᠳᠤᠳᠤᠮ ᠬᠥᠷᠥᠩᠭᠡ ᠶᠢᠨ ᠬᠢᠵᠠᠭᠠᠷ ᠤᠨ ᠭᠠᠷᠤᠯᠲᠠ ᠲᠡᠳᠦᠢ ᠥᠨᠳᠥᠷ ᠪᠣᠯᠬᠤ ᠶᠢ ᠲᠣᠳᠣᠷᠬᠠᠶᠢᠯᠠᠨ᠎ᠠ︶ 9.44 ᠪᠠᠶᠢᠵᠤ᠂ ᠥᠨᠳᠥᠷ ᠣᠷᠣᠯᠭ᠎ᠠ ᠲᠠᠢ ᠤᠯᠤᠰ ᠠᠴᠠ ᠨᠡᠯᠢᠶᠡᠳ ᠳᠣᠣᠷ᠎ᠠ ᠪᠠᠶᠢᠨ᠎ᠠ ︵ᠡᠩ ᠤᠨ ᠪᠠᠶᠢᠳᠠᠯ ᠳᠤ 14 ᠣᠷᠴᠢᠮ︶᠃      ︽ᠰᠠᠨᠠᠯ︾ ᠳᠤ᠂ ᠬᠤᠲᠠ ᠶᠢᠨ ᠰᠢᠨᠡᠴᠢᠯᠡᠯᠲᠡ ᠶᠢᠨ ᠨᠠᠢᠮᠠᠨ ᠶᠡᠭᠡ ᠡᠭᠦᠷᠭᠡ ᠶᠢ ᠲᠤᠳᠤᠷᠬᠠᠶᠢᠯᠠᠵᠠᠢ᠂ ᠡᠭᠦᠨ ᠳᠤ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠶᠢ ᠴᠢᠩᠭᠠᠳᠬᠠᠬᠤ᠂ ᠬᠤᠳᠠ ᠪᠠᠯᠭᠠᠰᠤᠨ ᠤ ᠬᠠᠭᠤᠴᠢᠨ  ᠰᠠᠭᠤᠭᠠᠯᠢ ᠠᠷᠠᠳ ᠤᠨ ᠲᠣᠭᠤᠷᠢᠭ ᠢ ᠴᠡᠭᠴᠡᠯᠡᠨ ᠥᠭᠡᠷᠡᠴᠢᠯᠡᠬᠦ ᠶᠢ ᠠᠬᠢᠭᠤᠯᠬᠤ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ᠂ ᠬᠠᠭᠤᠴᠢᠨ ᠵᠡᠭᠡᠯᠢ ᠲᠣᠭᠤᠷᠢᠭ᠂ ᠬᠠᠭᠤᠴᠢᠨ ᠦᠢᠯᠡᠳᠪᠦᠷᠢ ᠶᠢᠨ ᠲᠣᠭᠤᠷᠢᠭ᠂ ᠬᠤᠳᠠ ᠶᠢᠨ ᠳᠤᠮᠳᠠᠬᠢ ᠲᠣᠰᠬᠤᠨ ᠵᠡᠷᠭᠡ ᠶᠢ ᠰᠢᠨᠡᠳᠬᠡᠨ ᠥᠭᠡᠷᠡᠴᠢᠯᠡᠬᠦ ᠶᠢ ᠠᠬᠢᠭᠤᠯᠬᠤ᠂ ᠬᠤᠳᠠ ᠶᠢᠨ ᠴᠢᠳᠠᠮᠵᠢ ᠶᠢ ᠲᠡᠭᠦᠯᠳᠡᠷᠵᠢᠭᠦᠯᠬᠦ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠴᠢᠩᠭᠠᠳᠬᠠᠬᠤ᠂ ᠬᠤᠳᠠ ᠶᠢᠨ ᠠᠮᠢ ᠠᠬᠤᠢ ᠶᠢᠨ ᠰᠢᠰᠲ᠋ᠧᠮ ᠢ ᠰᠡᠯᠪᠢᠨ ᠵᠠᠰᠠᠬᠤ᠂ ᠬᠤᠳᠠ ᠶᠢᠨ ᠲᠡᠦᠬᠡ ᠰᠣᠶᠣᠯ ᠢ ᠬᠠᠮᠠᠭᠠᠯᠠᠨ ᠤᠯᠠᠮᠵᠢᠯᠠᠬᠤ ᠵᠡᠷᠭᠡ ᠪᠠᠭᠲᠠᠨ᠎ᠠ᠃ ᠨᠠᠢᠮᠠᠨ ᠶᠡᠭᠡ ᠡᠭᠦᠷᠭᠡ ᠶᠢ ᠠᠷᠠᠳ ᠤᠯᠠᠨ ᠤ ᠬᠡᠷᠡᠭᠴᠡᠭᠡ ᠱᠠᠭᠠᠷᠳᠠᠯᠭ᠎ᠠ ᠳᠤ ᠲᠥᠪᠯᠡᠷᠡᠭᠦᠯᠵᠦ᠂ ᠰᠠᠶᠢᠨ ᠭᠡᠷ ᠪᠠᠶᠢᠰᠢᠩ᠂ ᠰᠠᠶᠢᠨ ᠰᠠᠭᠤᠭᠠᠯᠢ ᠠᠷᠠᠳ ᠤᠨ ᠲᠣᠭᠤᠷᠢᠭ᠂ ᠰᠠᠶᠢᠨ ᠨᠡᠶᠢᠭᠡᠮ ᠲᠣᠭᠤᠷᠢᠭ᠂ ᠰᠠᠶᠢᠨ ᠬᠤᠳᠠ ᠶᠢᠨ ᠲᠣᠭᠤᠷᠢᠭ ᠤᠨ ︽ᠲᠦᠷᠪᠡᠨ ᠰᠠᠶᠢᠨ︾ ᠤ ᠪᠦᠲᠦᠭᠡᠨ ᠪᠠᠶᠢᠭᠤᠯᠤᠯᠲᠠ ᠪᠠᠷ ᠳᠣᠲᠣᠭᠠᠳᠤ ᠯᠣᠭᠢᠭ ᠪᠣᠯᠭᠠᠵᠤ᠂ ︽ᠲᠦᠷᠪᠡᠨ ᠰᠠᠶᠢᠨ︾ ᠤ ᠪᠦᠲᠦᠭᠡᠨ ᠪᠠᠶᠢᠭᠤᠯᠤᠯᠲᠠ ᠨᠢ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠡᠭᠦᠷᠭᠡ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ᠂ ᠨᠡᠩ ᠴᠤ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠶᠢᠨ ᠬᠦᠴᠦᠯᠡᠬᠦ ᠴᠡᠭ ᠪᠣᠯᠣᠨ᠎ᠠ᠃ ᠪᠦᠷᠢᠳᠬᠡᠯ ᠢ ᠦᠨᠳᠦᠰᠦᠯᠡᠪᠡᠯ᠂ ᠣᠶᠢᠷ᠎ᠠ ᠶᠢᠨ ᠬᠤᠶᠠᠷ ᠵᠢᠯ ᠳᠤ ᠪᠥᠬᠦ ᠤᠯᠤᠰ ᠤᠨ ᠬᠤᠲᠠ ᠶᠢᠨ ᠨᠠᠢᠮᠠᠨ ᠶᠡᠭᠡ ᠲᠥᠷᠥᠯ ᠤᠨ ᠡᠭᠦᠷᠭᠡ ᠶᠢ ᠰᠢᠨᠡᠳᠬᠡᠵᠦ᠂ ᠵᠢᠯ ᠪᠦᠷᠢ ᠶᠢᠨ ᠪᠡᠯᠡ ᠣᠷᠣᠭᠤᠯᠤᠯᠲᠠ ᠶᠢᠨ ᠲᠦᠷᠦᠯ ᠵᠦᠢᠯ  ᠤᠨ ᠲᠤᠭ᠎ᠠ ᠬᠡᠮᠵᠢᠶ᠎ᠡ ᠶᠢ 6 ᠲᠦᠮᠡ ᠣᠷᠴᠢᠮ ᠳᠤ ᠲᠣᠭᠲᠠᠪᠤᠷᠢᠵᠢᠭᠤᠯᠵᠤ᠂ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ ᠶᠢ 2.5 ᠲᠦᠮᠡᠨ ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠡᠢ᠃      — ᠰᠠᠶᠢᠨ ᠭᠡᠷ ᠪᠠᠶᠢᠰᠢᠩ ᠤᠨ ᠲᠠᠯ᠎ᠠ ᠪᠠᠷ᠂ ᠭᠤᠣᠯᠳᠠᠭᠤ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ ᠰᠠᠶᠢᠨ ᠭᠡᠷ ᠪᠠᠶᠢᠰᠢᠩ ᠢ ᠶᠡᠬᠡᠪᠡᠷ ᠪᠦᠲᠦᠭᠡᠨ ᠪᠠᠶᠢᠭᠤᠯᠬᠤ ᠶᠢᠨ ᠬᠠᠮᠲᠤ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠶᠢ ᠴᠢᠩᠭᠠᠳᠬᠠᠵᠤ᠂ ᠬᠠᠭᠤᠴᠢᠨ ᠭᠡᠷ ᠪᠠᠶᠢᠰᠢᠩ᠂ ᠬᠠᠭᠤᠴᠢᠨ ᠣᠷᠣᠨ ᠰᠠᠭᠤᠴᠠ ᠶᠢ ᠰᠠᠶᠢᠨ ᠣᠷᠣᠨ ᠰᠠᠭᠤᠴᠠ ᠪᠣᠯᠭᠠᠨ ᠥᠭᠡᠷᠡᠴᠢᠯᠡᠨ᠎ᠡ᠃ ᠠᠶᠤᠯ ᠲᠠᠢ ᠣᠷᠣᠨ ᠰᠠᠭᠤᠴᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ᠂ ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ᠂ ᠤᠯᠠᠮᠵᠢᠯᠠᠯᠲᠤ ᠬᠤᠳᠠᠯᠳᠤᠭᠠᠨ ᠤ ᠲᠥᠬᠦᠭᠡᠷᠦᠮᠵᠢ ᠵᠡᠷᠭᠡ ᠦᠯᠡᠳᠡᠭᠡᠯ ᠭᠡᠷ ᠪᠠᠶᠢᠰᠢᠩ ᠢ ᠥᠭᠡᠷᠡᠴᠢᠯᠡᠨ ᠠᠰᠢᠭᠯᠠᠬᠤ ᠶᠢ ᠴᠢᠩᠭᠠᠳᠬᠠᠵᠤ᠂ ᠪᠠᠷᠢᠯᠭ᠎ᠠ ᠶᠢᠨ ᠴᠢᠳᠠᠮᠵᠢ ᠶᠢ ᠬᠤᠪᠢᠷᠠᠭᠤᠯᠬᠤ ᠪᠠ ᠬᠤᠯᠢᠯᠳᠤᠭᠤᠯᠤᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠣᠶᠢᠷ᠎ᠠ ᠶᠢᠨ ᠵᠢᠯ ᠠᠴᠠ ᠨᠠᠰᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠪᠠᠷᠢᠮᠵᠢᠶ᠎ᠠ ᠲᠣᠭᠲᠠᠭᠠᠬᠤ᠂ ᠰᠢᠨᠵᠢᠯᠡᠬᠦ ᠤᠬᠠᠭᠠᠨ ᠮᠡᠷᠭᠡᠵᠢᠯ ᠢ ᠴᠢᠩᠭᠠᠳᠬᠠᠬᠤ᠂ ᠲᠥᠷᠥᠯ ᠵᠦᠢᠯ ᠢ ᠠᠳᠬᠤᠬᠤ ᠵᠡᠷᠭᠡ ᠭᠤᠷᠪᠠᠨ ᠲᠠᠯ᠎ᠠ ᠪᠠᠷ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠲᠦᠯᠬᠢᠨ ᠠᠬᠢᠭᠤᠯᠵᠤ᠂ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠠᠶᠢᠨ᠎ᠠ᠃ ᠠᠩᠬᠠᠳᠤᠭᠠᠷ ᠤᠳᠠᠭᠠᠨ ᠤ ᠪᠥᠬᠦ ᠤᠯᠤᠰ ᠤᠨ ᠪᠠᠶᠢᠭᠠᠯᠢ ᠶᠢᠨ ᠭᠠᠢ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠪᠥᠬᠦ ᠤᠯᠤᠰ ᠤᠨ ᠬᠤᠲᠠ ᠪᠠᠯᠭᠠᠰᠤᠨ ᠤ ᠭᠡᠷ ᠪᠠᠶᠢᠰᠢᠩ ︵ᠣᠷᠣᠨ ᠰᠠᠭᠤᠴᠠ ᠪᠠ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠬᠤᠳᠠᠯᠳᠤᠭᠠᠨ ᠤ ᠲᠠᠯᠠᠪᠤᠷ᠂ ᠠᠯᠪᠠᠯᠠᠬᠤ ᠠᠰᠠᠷ᠂ ᠦᠢᠯᠡᠳᠪᠦᠷᠢ ᠶᠢᠨ ᠭᠡᠷ ᠪᠠᠶᠢᠰᠢᠩ ᠵᠡᠷᠭᠡ ᠪᠠᠷᠢᠯᠭ᠎ᠠ ᠪᠠᠭᠲᠠᠨ᠎ᠠ︶ 4738.8 ᠲᠦᠮᠡᠨ ᠰᠠᠭᠤᠷᠢ᠂ 662 ᠳ᠋ᠦᠩᠰᠢᠭᠤᠷ ᠲᠡᠭᠰᠢ ᠳᠥᠷᠪᠡᠯᠵᠢᠨ ᠮᠧᠲᠷ ᠪᠠᠶᠢᠵᠤ᠂ ᠵᠢᠱᠢᠵᠦ ᠪᠤᠳᠤᠭᠰᠠᠨ ᠢᠶᠠᠷ᠂ ᠵᠢᠯ ᠪᠦᠷᠢ ᠪᠠᠷᠤᠭ ᠲᠦᠮᠡᠨ ᠳ᠋ᠦᠩᠰᠢᠭᠤᠷ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠬᠡᠪᠴᠢᠶ᠎ᠡ ᠲᠠᠢ ᠪᠠᠶᠢᠨ᠎ᠠ᠃ ᠡᠭᠦᠨ ᠤ ᠬᠠᠮᠲᠤ᠂ ᠦᠷ᠎ᠡ ᠠᠰᠢᠭ ᠢᠶᠠᠷ ᠳᠣᠣᠷ᠎ᠠ ᠪᠠᠶᠢᠭ᠎ᠠ ᠠᠰᠠᠷ ᠪᠠᠶᠢᠰᠢᠩ᠂ ᠬᠤᠳᠠᠯᠳᠤᠭᠠᠨ ᠤ ᠲᠥᠬᠦᠭᠡᠷᠦᠮᠵᠢ ᠵᠡᠷᠭᠡ ᠶᠢ ᠠᠮᠢᠯᠠᠭᠤᠯᠪᠠᠯ ᠨᠡᠶᠢᠭᠡᠮ ᠤᠨ ᠬᠥᠷᠥᠩᠭᠡ ᠶᠢ ᠨᠠᠩ ᠰᠠᠶᠢᠨ ᠲᠠᠲᠠᠵᠤ᠂ ᠬᠤᠲᠠ ᠳᠤ ᠨᠠᠩ ᠣᠯᠠᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ᠂ ᠴᠠᠭ ᠦᠶ᠎ᠡ ᠶᠢᠨ ᠬᠤᠳᠠᠯᠳᠤᠭ᠎ᠠ᠂ ᠵᠤᠭ᠎ᠠ ᠴᠡᠩᠭᠡᠯ ᠵᠡᠷᠭᠡ ᠣᠷᠣᠨ ᠵᠠᠢ ᠬᠠᠩᠭᠠᠵᠤ ᠴᠢᠳᠠᠨ᠎ᠠ᠃      — ᠰᠠᠶᠢᠨ ᠰᠠᠭᠤᠭᠠᠯᠢ ᠠᠷᠠᠳ ᠤᠨ ᠲᠣᠭᠤᠷᠢᠭ ᠤᠨ ᠲᠠᠯ᠎ᠠ ᠪᠠᠷ᠂ ᠭᠤᠣᠯᠳᠠᠭᠤ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠴᠡᠭᠴᠡᠯᠡᠨ ᠥᠭᠡᠷᠡᠴᠢᠯᠡᠬᠦ ᠶᠢ ᠠᠬᠢᠭᠤᠯᠵᠤ᠂ ᠬᠠᠭᠤᠴᠢᠷᠠᠭᠰᠠᠨ ᠬᠤᠭᠤᠯᠠᠢ ᠤᠲᠠᠰᠤ ᠬᠤᠭᠤᠯᠠᠢ ᠲᠤᠤᠷ ᠢ ᠰᠢᠨᠡᠳᠬᠡᠨ ᠥᠭᠡᠷᠡᠴᠢᠯᠡᠵᠦ᠂ ᠰᠠᠭᠤᠭᠠᠯᠢ ᠠᠷᠠᠳ ᠤᠨ ᠲᠣᠭᠤᠷᠢᠭ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠣᠷᠣᠨ ᠰᠠᠭᠤᠴᠠ ᠶᠢᠨ ᠣᠷᠴᠢᠨ ᠲᠣᠭᠤᠷᠢᠨ᠂ ᠲᠥᠬᠦᠭᠡᠷᠦᠮᠵᠢ ᠶᠢᠨ ᠨᠥᠬᠦᠴᠡᠯ᠂ ᠦᠢᠯᠡᠴᠢᠯᠡᠭᠡᠨ ᠤ ᠴᠢᠳᠠᠮᠵᠢ ᠪᠣᠯᠣᠨ ᠰᠣᠶᠣᠯ ᠤᠨ ᠦᠷᠳᠡᠭ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠦᠷᠢᠳᠬᠡᠯ ᠢ ᠦᠨᠳᠦᠰᠦᠯᠡᠪᠡᠯ᠂ 2019 — 2024 ᠣᠨ ᠳᠤ᠂ ᠪᠥᠬᠦ ᠤᠯᠤᠰ ᠲᠤ ᠨᠡᠶᠢᠲᠡ 28 ᠲᠦᠮᠡᠨ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ 4800 ᠲᠦᠮᠡᠨ ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠵᠦ᠂ 1.2 ᠳ᠋ᠦᠩᠰᠢᠭᠤᠷ ᠬᠥᠮᠥᠨ ᠢ ᠳᠠᠪᠠᠵᠤ᠂ ᠨᠡᠶᠢᠲᠡ 36 ᠲᠦᠮᠡᠨ ᠺᠢᠯᠣᠮᠧᠲᠷ ᠡᠯ᠎ᠡ ᠲᠥᠷᠥᠯ ᠤᠨ ᠬᠠᠭᠤᠴᠢᠷᠠᠭᠰᠠᠨ ᠬᠤᠭᠤᠯᠠᠢ ᠤᠳᠠᠰᠤ ᠶᠢ ᠥᠭᠡᠷᠡᠴᠢᠯᠡᠨ ᠳᠡᠭᠡᠭᠰᠢᠯᠡᠭᠦᠯᠵᠦ᠂ ᠲᠡᠷᠭᠡᠨ ᠵᠤᠭᠰᠤᠭᠠᠯ 387 ᠲᠦᠮᠡ ᠨᠡᠮᠡᠨ ᠪᠠᠶᠢᠭᠤᠯᠵᠤ᠂ ᠨᠠᠰᠤᠵᠢᠯ ᠤᠨ ᠠᠰᠠᠷᠠᠮᠵᠢ᠂ ᠨᠠᠶᠢᠳᠠᠨ ᠬᠥᠮᠥᠵᠢᠭᠦᠯᠬᠦ ᠵᠡᠷᠭᠡ ᠡᠯ᠎ᠡ ᠲᠥᠷᠥᠯ ᠤᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢ 7.8 ᠲᠦᠮᠡ ᠪᠦᠲᠦᠭᠡᠨ ᠪᠠᠶᠢᠭᠤᠯᠵᠤ᠂ ᠵᠢᠯ ᠪᠦᠷᠢ ᠪᠠᠷᠤᠭ ᠲᠦᠮᠡᠨ ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠯᠲᠠ ᠶᠢ ᠰᠢᠨ᠎ᠡ ᠪᠠᠷ ᠨᠡᠮᠡᠭᠳᠡᠭᠦᠯᠬᠦ ᠶᠢ ᠪᠡᠶᠡᠯᠡᠭᠦᠯᠪᠡ᠃ ᠡᠨᠡᠬᠦ ᠶᠠᠪᠤᠴᠠ ᠳᠤ ᠨᠠᠰᠤᠳᠠᠶᠢᠴᠤᠳ ᠤᠨ ᠬᠡᠷᠡᠭᠯᠡᠭᠡ᠂ ᠬᠡᠦᠬᠡᠳ ᠤᠨ ᠬᠡᠷᠡᠭᠯᠡᠭᠡ᠂ ᠪᠣᠬᠢᠷᠲᠤᠯ ᠦᠭᠡᠢ ᠬᠥᠭᠵᠢᠯᠲᠡ ᠵᠡᠷᠭᠡ ᠰᠢᠨ᠎ᠡ ᠬᠡᠷᠡᠭᠯᠡᠭᠡᠨ ᠤ ᠵᠠᠭᠪᠤᠷ ᠢ ᠨᠡᠭᠡᠭᠡᠨ ᠬᠥᠭᠵᠢᠭᠦᠯᠵᠦ᠂ ᠮᠥᠩᠭᠦᠨ ᠭᠦᠢᠯᠭᠡᠭᠡ᠂ ᠮᠠᠲ᠋ᠧᠷᠢᠶᠠᠯ᠂ ᠢᠨᠵᠧᠨᠧᠷᠢᠩ ᠵᠡᠷᠭᠡ ᠬᠦᠷᠢᠶᠡᠨ ᠳᠠᠬᠢ ᠳᠠᠶᠢᠴᠢᠯᠠᠬᠤ ᠦᠢᠯᠡᠳᠦᠯ ᠢᠯᠡᠳᠲᠡ ᠪᠠᠶᠢᠨ᠎ᠠ᠃      — ᠰᠠᠶᠢᠨ ᠨᠡᠶᠢᠭᠡᠮ ᠲᠣᠭᠤᠷᠢᠭ ᠤᠨ ᠲᠠᠯ᠎ᠠ ᠪᠠᠷ᠂ ᠭᠤᠣᠯᠳᠠᠭᠤ ᠠᠮᠤᠷ ᠲᠦᠪᠰᠢᠨ ᠡᠷᠡᠭᠦᠯ ᠴᠢᠭᠢᠷᠠᠭ᠂ ᠲᠥᠬᠦᠭᠡᠷᠦᠮᠵᠢ ᠲᠡᠭᠦᠯᠳᠡᠷ᠂ ᠬᠠᠮᠢᠶᠠᠷᠤᠯᠲᠠ ᠡᠮᠬᠢ ᠳᠢᠭᠯᠢᠮ ᠲᠠᠢ ᠪᠦᠷᠢᠨ ᠪᠦᠲᠦᠨ ᠨᠡᠶᠢᠭᠡᠮ ᠲᠣᠭᠤᠷᠢᠭ ᠢ ᠪᠠᠶᠢᠭᠤᠯᠵᠤ᠂ ᠬᠤᠳᠠ ᠶᠢᠨ ᠨᠢᠭᠡ ᠮᠥᠴᠡ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠶᠢ ᠪᠠᠶᠢᠭᠤᠯᠤᠨ᠎ᠠ᠃ ᠬᠠᠭᠤᠴᠢᠨ ᠵᠡᠭᠡᠯᠢ ᠲᠣᠭᠤᠷᠢᠭ ᠤᠨ ᠴᠢᠳᠠᠮᠵᠢ ᠶᠢ ᠬᠤᠪᠢᠷᠠᠭᠤᠯᠬᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰ ᠳᠡᠪᠰᠢᠭᠦᠯᠬᠦ᠂ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠬᠦ ᠶᠢ ᠠᠬᠢᠭᠤᠯᠵᠤ᠂ ᠬᠠᠭᠤᠴᠢᠨ ᠦᠢᠯᠡᠳᠪᠦᠷᠢ ᠶᠢᠨ ᠲᠣᠭᠤᠷᠢᠭ ᠢ ᠠᠮᠢᠳᠤᠯᠢᠭᠵᠢᠭᠤᠯᠤᠨ ᠠᠰᠢᠭᠯᠠᠵᠤ᠂ ᠬᠤᠲᠠ ᠶᠢᠨ ᠳᠤᠮᠳᠠᠬᠢ ᠲᠣᠰᠬᠤᠨ ᠤ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠤᠨ᠎ᠠ᠃ 2023 ᠣᠨ ᠠᠴᠠ ᠨᠠᠰᠢ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠤᠯᠤᠰ ᠤᠨ 106 ᠨᠡᠶᠢᠭᠡᠮ ᠲᠣᠭᠤᠷᠢᠭ ᠲᠤ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢ ᠥᠷᠨᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠤᠳᠠᠭᠳᠠᠯ ᠢ ᠨᠥᠬᠦᠪᠦᠷᠢᠯᠡᠵᠦ᠂ ᠠᠷᠠᠳ ᠤᠯᠠᠨ ᠤ ︽ᠭᠡᠷ ᠤᠨ ᠡᠭᠦᠳᠡ︾ ᠶᠢᠨ ᠬᠡᠷᠡᠭᠯᠡᠭᠡᠨ ᠤ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠬᠠᠭᠤᠴᠢᠨ ᠵᠡᠭᠡᠯᠢ ᠲᠣᠭᠤᠷᠢᠭ ︵ᠦᠢᠯᠡᠳᠪᠦᠷᠢ ᠶᠢᠨ ᠲᠣᠭᠤᠷᠢᠭ︶ ᠢ ᠰᠢᠨᠡᠳᠬᠡᠨ ᠥᠭᠡᠷᠡᠴᠢᠯᠡᠬᠦ ᠲᠠᠯ᠎ᠠ  ᠪᠠᠷ᠂ ᠴᠧᠩᠳᠦ᠋ ᠶᠢᠨ ᠢᠦᠢ ᠯᠢᠨ ᠵᠡᠭᠦᠨ ᠵᠠᠮ ᠤᠨ ᠣᠨᠴᠠᠯᠢᠭᠲᠤ ᠵᠡᠭᠡᠯᠢ ᠲᠣᠭᠤᠷᠢᠭ᠂ ᠭᠦᠢᠶᠠᠩ ᠤᠨ ᠲᠠᠢ ᠫᠢᠩ ᠵᠠᠮ ᠤᠨ ᠵᠡᠭᠡᠯᠢ ᠲᠣᠭᠤᠷᠢᠭ ᠵᠡᠷᠭᠡ ᠲᠥᠷᠥᠯ ᠵᠦᠢᠯ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠠᠷᠠᠳ   ᠠᠴᠠ ᠡᠵᠡᠩᠨᠡᠭᠰᠡᠨ ᠠᠵᠤ ᠠᠬᠤᠶᠢᠯᠠᠯ᠂ ᠥᠮᠴᠢᠲᠡᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠥᠭᠡᠷᠡᠴᠢᠯᠡᠬᠦ ᠪᠠᠷ ᠳᠡᠮᠵᠢᠨ᠂ ᠵᠡᠭᠡᠯᠢ ᠳᠠᠭᠠᠤ ᠶᠢᠨ ᠳᠡᠯᠭᠡᠭᠦᠷ ᠫᠦᠰᠡ ᠶᠢᠨ ᠬᠤᠳᠠᠯᠳᠤᠭᠠᠴᠢᠨ ᠤᠷᠢᠬᠤ ᠨᠣᠷᠮ᠎ᠠ᠂ ᠠᠵᠢᠯ ᠡᠬᠢᠯᠡᠬᠦ ᠨᠣᠷᠮ᠎ᠠ᠂ ᠬᠥᠮᠥᠨ ᠤ ᠭᠦᠢᠯᠭᠡᠭᠡᠨ ᠤ ᠬᠡᠮᠵᠢᠶ᠎ᠡ᠂ ᠠᠶᠠᠨᠴᠢᠳ ᠤᠨ ᠨᠢᠭᠡᠴᠢ ᠶᠢᠨ ᠦᠨ᠎ᠡ᠂ ᠲᠦᠷᠢᠶᠡᠰᠦᠨ ᠮᠥᠩᠭᠦ ᠶᠢᠨ ᠬᠢᠷᠢ ᠬᠡᠮᠵᠢᠶ᠎ᠡ ᠵᠡᠷᠭᠡ ᠶᠢ ᠢᠯᠡᠳᠲᠡ ᠳᠡᠭᠡᠭᠰᠢᠯᠡᠭᠦᠯᠵᠦ᠂ ᠬᠤᠲᠠ ᠶᠢᠨ ᠰᠦᠯᠵᠢᠶᠡᠨ ᠤ ᠠᠰᠢᠭ ᠣᠷᠣᠯᠭ᠎ᠠ ᠶᠢᠨ IP ᠺᠠᠷᠲ ᠲᠡᠮᠳᠡᠭᠯᠡᠬᠦ ᠴᠡᠭ ᠪᠣᠯᠭᠠᠵᠤ᠂ ᠬᠡᠷᠡᠭᠯᠡᠭᠡ ᠶᠢ ᠠᠬᠢᠭᠤᠯᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠯᠤᠲᠤ ᠶᠡᠭᠡ ᠳᠠᠯᠳᠠ ᠴᠢᠳᠠᠪᠤᠷᠢ ᠶᠢ ᠪᠠᠳᠠᠷᠠᠭᠤᠯᠤᠨ᠎ᠠ᠃      — ᠰᠠᠶᠢᠨ ᠬᠤᠳᠠ ᠶᠢᠨ ᠲᠣᠭᠤᠷᠢᠭ ᠤᠨ ᠲᠠᠯ᠎ᠠ ᠪᠠᠷ᠂ ᠭᠤᠣᠯᠳᠠᠭᠤ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠵᠦ᠂ ᠤᠯᠠᠨ ᠲᠡᠰ ᠳᠠᠪᠬᠤᠷᠭ᠎ᠠ ᠲᠠᠢ᠂ ᠪᠦᠬᠦᠨ ᠢ ᠬᠠᠮᠤᠷᠤᠭᠰᠠᠨ ᠤᠯᠠᠨ ᠨᠡᠶᠢᠲᠡ ᠶᠢᠨ ᠦᠢᠯᠡᠴᠢᠯᠡᠭᠡᠨ ᠤ ᠲᠣᠣᠷ ᠢ ᠪᠠᠶᠢᠭᠤᠯᠵᠤ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠥᠭᠡᠷᠡᠴᠢᠯᠡᠯᠲᠡ ᠶᠢ ᠴᠢᠩᠭᠠᠳᠬᠠᠵᠤ᠂ ᠬᠤᠳᠠ ᠶᠢᠨ ᠠᠮᠢ ᠠᠬᠤᠢ ᠶᠢᠨ ᠰᠢᠰᠲ᠋ᠧᠮ ᠢ ᠰᠡᠷᠭᠦᠭᠡᠵᠦ᠂ ᠬᠤᠳᠠ ᠶᠢᠨ ᠲᠡᠦᠬᠡ ᠰᠣᠶᠣᠯ ᠢ ᠬᠠᠮᠠᠭᠠᠯᠠᠨ ᠤᠯᠠᠮᠵᠢᠯᠠᠨ᠎ᠠ᠃ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠴᠢᠩᠭᠠᠳᠬᠠᠬᠤ ᠪᠠᠷ ᠵᠢᠱᠢᠶᠡᠯᠡᠪᠡᠯ᠂ ᠬᠤᠲᠠ ᠶᠢᠨ ᠴᠢᠬᠤᠯᠠ ︽ᠳᠣᠲᠣᠷ ᠪᠠᠷᠢᠯᠭ᠎ᠠ︾ ᠪᠣᠯᠤᠭᠰᠠᠨ ᠤ ᠬᠤᠪᠢ ᠳᠤ᠂ ᠰᠢᠲᠠᠮᠠᠬᠠᠢ ᠬᠡᠢ᠂ ᠤᠰᠤ ᠬᠠᠩᠭᠠᠬᠤ ᠤᠰᠤ ᠭᠠᠳᠠᠭᠰᠢᠯᠠᠭᠤᠯᠬᠤ᠂ ᠢᠯᠴᠢ ᠬᠠᠩᠭᠠᠬᠤ ᠵᠡᠷᠭᠡ ᠬᠤᠲᠠ ᠶᠢᠨ ᠭᠠᠵᠠᠷ ᠳᠣᠣᠷᠠᠬᠢ ᠬᠤᠭᠤᠯᠠᠢ ᠲᠣᠣᠷ ᠢ ᠰᠢᠨᠡᠳᠬᠡᠨ ᠥᠭᠡᠷᠡᠴᠢᠯᠡᠬᠦ ᠡᠭᠦᠷᠭᠡ ᠲᠤᠶᠢᠯ ᠤᠨ ᠨᠦᠰᠡᠷ ᠬᠦᠨᠳᠦ ᠪᠠᠶᠢᠵᠤ᠂ ᠪᠡᠯᠡ ᠣᠷᠣᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠯᠤᠲᠤ ᠶᠡᠭᠡ ᠪᠠᠶᠢᠨ᠎ᠠ ᠂ ᠵᠢᠱᠢᠵᠦ ᠪᠤᠳᠤᠭᠰᠠᠨ ᠢᠶᠠᠷ᠂ ᠢᠷᠡᠬᠦ 5 ᠵᠢᠯ ᠳᠤ᠂ ᠮᠠᠨ ᠤ ᠤᠯᠤᠰ ᠡᠲᠡᠭᠡᠷ ᠬᠦᠷᠢᠶᠡᠨ ᠳᠤ ᠪᠠᠷᠤᠭ 4 ᠲᠦᠮᠡᠨ ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠪᠠᠶᠢᠨ᠎ᠠ᠃ ᠪᠠᠰᠠ ᠵᠢᠱᠢᠶᠡᠯᠡᠪᠡᠯ᠂ ᠬᠤᠳᠠ ᠶᠢᠨ ᠲᠡᠦᠬᠡ ᠰᠣᠶᠣᠯ ᠢ ᠬᠠᠮᠠᠭᠠᠯᠠᠬᠤ ᠪᠠ ᠠᠮᠢᠳᠤᠯᠢᠭ ᠪᠣᠯᠭᠠᠬᠤ ᠪᠠᠷ ᠳᠠᠮᠵᠢᠭᠤᠯᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠠᠵᠤ ᠠᠬᠤᠢ ᠶᠢᠨ ᠦᠷ᠎ᠡ ᠠᠰᠢᠭ ᠢ ᠳᠠᠪᠬᠤᠷ ᠳᠡᠭᠡᠭᠰᠢᠯᠡᠭᠦᠯᠬᠦ ᠶᠢ ᠪᠡᠶᠡᠯᠡᠭᠦᠯᠵᠦ ᠴᠢᠳᠠᠨ᠎ᠠ᠃ ︽ᠪᠡᠭᠡᠵᠢᠩ ᠤᠨ ᠭᠤᠣᠯ ᠲᠡᠩᠭᠡᠯᠢᠭ ᠱᠤᠭᠤᠮ — ᠳᠤᠮᠳᠠᠳᠤ ᠤᠯᠤᠰ ᠤᠨ ᠬᠦᠰᠡᠯᠡᠩᠲᠦ ᠨᠡᠶᠢᠰᠯᠡᠯ ᠬᠤᠳᠠ ᠶᠢᠨ ᠡᠮᠬᠢ ᠳᠢᠭᠯᠢᠮ ᠤᠨ ᠭᠠᠷᠮᠠᠭᠠᠢ ᠪᠦᠲᠦᠭᠡᠯ︾ ᠢ ᠠᠮᠵᠢᠯᠲᠠ ᠲᠠᠢ ᠪᠠᠷ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠦᠭᠰᠡᠨ ᠢᠶᠠᠷ ᠪᠡᠭᠡᠵᠢᠩ ᠤᠨ ᠭᠤᠣᠯ ᠲᠡᠩᠭᠡᠯᠢᠭ ᠱᠤᠭᠤᠮ ᠤᠨ ᠰᠣᠶᠣᠯ ᠤᠨ ᠳᠡᠯᠭᠡᠷᠡᠭᠦᠯᠦᠯᠲᠡ ᠪᠠ ᠬᠤᠳᠠ ᠶᠢᠨ ᠰᠣᠶᠣᠯ ᠤᠨ ᠪᠦᠲᠦᠭᠡᠯᠴᠢ ᠠᠵᠤ ᠦᠢᠯᠡᠰ ᠤᠨ ᠬᠥᠭᠵᠢᠯᠲᠡ ᠶᠢ ᠶᠡᠭᠡ ᠪᠠᠷ ᠠᠬᠢᠭᠤᠯᠪᠠ᠃ ᠵᠢᠢ ᠠᠨ ᠤ ᠶᠦᠩ ᠰᠢᠨ ᠤ ᠡᠷᠲᠡᠨ ᠤ ᠬᠤᠲᠠ ᠶᠢ ᠬᠠᠮᠠᠭᠠᠯᠠᠨ ᠰᠢᠨᠡᠳᠬᠡᠬᠦ ᠲᠥᠷᠥᠯ ᠵᠦᠢᠯ 2024 ᠣᠨ ᠳᠤ 36 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠨᠢ 3800 ᠲᠦᠮᠡᠨ ᠲᠥᠭᠦᠷᠢᠭ ᠲᠤ ᠬᠦᠷᠴᠦ ᠂ ᠡᠷᠲᠡᠨ ᠤ ᠬᠤᠲᠠ ᠶᠢᠨ ᠰᠣᠶᠣᠯ ᠤᠨ ᠦᠢᠯᠡᠰ ᠡᠭᠦᠳᠦᠭᠰᠡᠨ ᠣᠷᠣᠯᠭ᠎ᠠ ᠨᠢ 1800 ᠲᠦᠮᠡᠨ ᠲᠥᠭᠦᠷᠢᠭ ᠢ ᠳᠠᠪᠠᠵᠤ᠂ 100 ᠭᠠᠷᠤᠢ ᠬᠥᠮᠥᠨ ᠳᠤ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠴᠢᠩᠳᠣᠣ ᠶᠢᠨ ᠰᠧ ᠹᠠᠩ ᠵᠠᠮ ᠤᠨ ᠲᠡᠦᠬᠡ ᠰᠣᠶᠣᠯ ᠤᠨ ᠵᠡᠭᠡᠯᠢ ᠲᠣᠭᠤᠷᠢᠭ ᠢ ᠰᠢᠨᠡᠳᠬᠡᠨ ᠥᠭᠡᠷᠡᠴᠢᠯᠡᠬᠦ ᠲᠦᠷᠦᠯ ᠵᠦᠢᠯ ᠢ 2023 ᠣᠨ ᠤ 9 ᠳ᠋ᠤᠭᠡᠷ ᠰᠠᠷ᠎ᠠ ᠳᠤ ᠥᠭᠡᠷᠡᠴᠢᠯᠡᠨ ᠳᠠᠭᠤᠰᠬᠠᠵᠤ᠂ 2024 ᠣᠨ ᠤ ᠪᠣᠷᠤᠯᠠᠭᠤᠯᠭ᠎ᠠ ᠶᠢᠨ ᠬᠡᠮᠵᠢᠶ᠎ᠡ 1 ᠳ᠋ᠦᠩᠰᠢᠭᠤᠷ ᠲᠥᠭᠦᠷᠢᠭ ᠢ ᠳᠠᠪᠠᠵᠤ᠂ 700 ᠭᠠᠷᠤᠢ ᠬᠥᠮᠥᠨ ᠤ ᠠᠵᠢᠯ ᠣᠯᠭᠤᠯᠲᠠ ᠶᠢ ᠲᠠᠶᠢᠴᠢᠯᠠᠵᠠᠢ᠃      ᠶᠡᠷᠦᠩᠬᠡᠢ ᠳᠤᠨᠢ ᠠᠪᠴᠤ ᠦᠵᠡᠪᠡᠯ᠂ ᠣᠯᠠᠨ ᠲᠠᠯ᠎ᠠ ᠶᠢᠨ ᠬᠡᠮᠵᠢᠶ᠎ᠡ ᠲᠠᠢ ᠬᠤᠲᠠ ᠶᠢᠨ ᠪᠦᠲᠦᠮᠵᠢᠲᠡᠶ ᠪᠡᠯᠡ ᠣᠷᠣᠭᠤᠯᠤᠯᠲᠠ ᠶᠢ ᠰᠢᠨᠡᠳᠬᠡᠬᠦ ᠪᠠᠷ ᠳᠠᠮᠵᠢᠭᠤᠯᠤᠨ᠂ ᠭᠠᠵᠠᠷ ᠰᠢᠷᠣᠢ ᠶᠢᠨ ᠦᠨ᠎ᠡ ᠥᠰᠬᠦ ᠪᠠ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠢ ᠬᠤᠲᠠ ᠶᠢᠨ ᠡᠳ᠋ ᠪᠠᠶᠠᠯᠢᠭ ᠤᠨ ᠨᠡᠮᠡᠭᠳᠡᠯ ᠤᠨ ᠦᠷᠡᠵᠢᠭᠦᠯᠬᠦ ᠲᠣᠭᠠᠨ ᠤ ᠦᠢᠯᠡᠳᠦᠯ ᠢ ᠪᠦᠷᠢᠯᠳᠦᠭᠦᠯᠵᠦ᠂ ᠣᠷᠴᠢᠨ ᠲᠣᠭᠤᠷᠢᠨ ᠢ ᠰᠠᠶᠢᠵᠢᠷᠠᠭᠤᠯᠵᠤ᠂ ᠡᠷᠭᠢᠨ ᠲᠣᠭᠤᠷᠢᠨ ᠤ ᠠᠳᠠᠯ ᠠᠬᠤᠢ ᠶᠢᠨ ᠵᠢᠱᠢᠯᠲᠡ ᠥᠷᠲᠡᠭ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠦᠯᠡᠳᠡᠭᠡᠯ ᠡᠳ᠋ ᠬᠥᠷᠥᠩᠭᠡ ᠶᠢᠨ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠡᠳ᠋ ᠬᠥᠷᠥᠩᠭᠡ ᠶᠢᠨ ᠨᠡᠮᠡᠭᠳᠡᠯ ᠨᠢ ᠬᠡᠷᠡᠭᠯᠡᠭᠡᠨ ᠤ ᠢᠲᠡᠭᠡᠯ ᠢ ᠨᠡᠮᠡᠭᠳᠡᠭᠦᠯᠵᠦ᠂ ᠪᠡᠷᠢᠴᠠᠭᠠᠨ ᠤ ᠡᠳ᠋ ᠤᠨ ᠦᠷᠳᠡᠭ ᠤᠨ ᠥᠰᠦᠯᠲᠡ ᠨᠢ ᠨᠡᠩ ᠤᠯᠠᠨ ᠢᠲᠡᠭᠡᠮᠵᠢᠲᠦ ᠵᠢᠭᠡᠯᠡᠯᠭᠡ ᠶᠢᠨ ᠣᠷᠣᠨ ᠵᠠᠢ ᠭᠠᠷᠭᠠᠵᠤ ᠡᠵᠡᠩᠨᠡᠯᠲᠡ ᠶᠢᠨ ᠴᠢᠨᠠᠷᠲᠠᠢ᠂ ᠬᠡᠷᠡᠭᠯᠡᠭᠡᠨ ᠤ ᠴᠢᠨᠠᠷᠲᠠᠢ ᠵᠢᠭᠡᠯᠡᠯᠭᠡ ᠶᠢ ᠳᠡᠮᠵᠢᠵᠦ᠂ ︽ᠬᠤᠳᠠ ᠶᠢᠨ ᠰᠢᠨᠡᠴᠢᠯᠡᠯᠲᠡ ᠶᠢᠨ ᠪᠦᠲᠦᠮᠵᠢᠲᠡᠢ ᠪᠡᠯᠡ ᠣᠷᠣᠭᠤᠯᠤᠯᠲᠠ — ᠰᠠᠭᠤᠭᠠᠯᠢ ᠠᠷᠠᠳ ᠤᠨ ᠡᠳ᠋ ᠬᠥᠷᠥᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ  — ᠰᠠᠭᠤᠭᠠᠯᠢ ᠠᠷᠠᠳ ᠤᠨ ᠵᠢᠱᠢᠯᠲᠡ ᠪᠠ ᠢᠲᠡᠭᠡᠯ ᠢ ᠨᠡᠮᠡᠭᠳᠡᠭᠦᠯᠬᠦ — ᠬᠡᠷᠡᠭᠯᠡᠭᠡᠨ ᠤ ᠲᠣᠭᠲᠠᠭᠤᠨ ᠠᠵᠢᠯ ᠣᠯᠭᠤᠯᠲᠠ ᠶᠢ ᠠᠬᠢᠭᠤᠯᠬᠤ︾᠂ ᠬᠤᠳᠠ ᠶᠢᠨ ᠰᠢᠨᠡᠴᠢᠯᠡᠯᠲᠡ ᠶᠢᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠣᠨᠴᠠᠯᠢᠭ ᠲᠤ ᠨᠡᠶᠢᠴᠡᠭᠰᠡᠨ ᠰᠠᠶᠢᠨ ᠰᠠᠶᠢᠬᠠᠨ ᠳᠠᠮᠵᠢᠭᠤᠯᠬᠤ ᠲᠣᠭᠲᠠᠴᠠ ᠶᠢ ᠪᠦᠷᠢᠯᠳᠦᠭᠦᠯᠦᠨ᠎ᠡ᠃ ᠵᠣᠬᠢᠶᠠᠭᠴᠢ ᠪᠣᠯ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠲᠥᠷᠥ  ᠶᠢᠨ ᠪᠣᠳᠣᠯᠭ᠎ᠠ ᠰᠤᠳᠤᠯᠬᠤ ᠲᠥᠪ ᠤᠨ ᠪᠠᠶᠢᠯᠳᠤᠬᠤ ᠪᠣᠳᠣᠯᠭ᠎ᠠ ᠰᠤᠳᠤᠯᠬᠤ ᠭᠠᠵᠠᠷ ᠤᠨ ᠳᠠᠷᠤᠭ᠎ᠠ᠂ ᠳᠡᠳ᠋ ᠰᠤᠳᠤᠯᠤᠭᠴᠢᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1