2025 ᠣᠨ ᠤ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ ᠶᠢ ᠲᠡᠮᠵᠢᠬᠦ | ᠰᠢᠯᠭᠠᠷᠠᠭᠤᠯᠤᠯᠲᠠ ᠶᠢᠨ ᠦᠷ᠎ᠡ ᠳ᠋ᠦᠩ ᠢ ᠨᠡᠶᠢᠳᠡᠯᠡᠬᠦ ᠲᠤᠬᠠᠢ ᠲᠦᠪ ᠤᠨ ᠡᠳ᠋ ᠤᠨ ᠵᠠᠰᠠᠭ ᠤᠨ ᠲᠢᠩᠬᠢᠮ ᠤᠨ ᠵᠠᠷᠯᠠᠯ | | ︽2025 ᠣᠨ ᠤ ᠲᠥᠪ ᠤᠨ ᠡᠳ᠋ ᠤᠨ ᠵᠠᠰᠠᠭ ᠠᠴᠠ ᠬᠤᠲᠠ ᠶᠢᠨ ᠰᠢᠨᠡᠴᠢᠯᠡᠯᠲᠡ ᠶᠢ ᠬᠡᠷᠡᠭᠵᠢᠭᠦᠯᠬᠦ ᠶᠢ | ᠲᠡᠮᠵᠢᠬᠦ ᠠᠵᠢᠯᠯᠠᠭ᠎ᠠ ᠶᠢ ᠥᠷᠨᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ | ᠡᠳ᠋ ᠠᠯᠪᠠᠨ ᠪᠠᠶᠢᠭᠤᠯᠤᠯᠲᠠ ﹇2025﹈ 11 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ | ᠬᠤᠯᠪᠣᠭᠳᠠᠯ ᠪᠦᠬᠦᠢ ᠮᠤᠵᠢ ᠶᠢᠨ ᠱᠠᠲᠤᠨ ᠤ ᠰᠠᠯᠠᠭ᠎ᠠ ᠮᠥᠴᠢᠷ ᠤᠨ ᠲᠠᠨᠢᠯᠴᠠᠭᠤᠯᠭ᠎ᠠ ᠪᠠᠷ᠂ ᠣᠶᠢᠷ᠎ᠠ ᠳᠤ᠂ ᠡᠳ᠋ ᠤᠨ | ᠵᠠᠰᠠᠭ ᠤᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ 2025 | ᠣᠨ ᠤ ᠲᠥᠪ ᠤᠨ ᠡᠳ᠋ ᠤᠨ ᠵᠠᠰᠠᠭ ᠠᠴᠠ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ ᠶᠢ | ᠲᠡᠮᠵᠢᠬᠦ ᠰᠢᠯᠭᠠᠷᠠᠭᠤᠯᠤᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ᠂ ᠳᠡᠮᠵᠢᠬᠦ ᠪᠠᠷ ᠪᠠᠶᠢᠭ᠎ᠠ 20 ᠬᠤᠲᠠ ᠪᠣᠯ ︵ | ᠵᠠᠰᠠᠭ ᠵᠠᠬᠢᠷᠭᠠᠨ ᠤ ᠬᠤᠪᠢᠶᠠᠷᠢᠯᠠᠯ ᠢᠶᠠᠷ ᠵᠢᠭᠰᠠᠭᠠᠪᠠ︶᠄ | ᠪᠡᠭᠡᠵᠢᠩ᠂ ᠲᠢᠶᠠᠨᠵᠢᠨ᠂ ᠲᠠᠩᠱᠠᠨ᠂ ᠪᠤᠭᠤᠲᠤ᠂ ᠳ᠋ᠠᠯᠢᠶᠠᠨ᠂ ᠬᠠᠷᠪᠢᠨ᠂ ᠰᠦᠵᠧᠦ᠂ ᠸᠧᠨᠵᠸᠦ᠂ ᠦ᠋ ᠬᠤ᠋ | ᠂ ᠰᠢᠶᠠᠮᠧᠨ᠂ ᠵᠢᠨᠠᠨ᠂ ᠵᠧᠩᠵᠧᠦ᠂ ᠢᠴᠠᠩ᠂ ᠴᠠᠩᠱᠠ᠂ ᠭᠤᠸᠠᠩᠵᠸᠦ᠂ ᠬᠠᠶᠢᠺᠧᠦ᠂ ᠢᠪᠢᠨ᠂ ᠯᠠᠨᠵᠧᠦ᠂ | ᠰᠢᠨᠢᠩ᠂ ᠦᠷᠦᠮᠴᠢ ᠪᠤᠯᠤᠨ᠎ᠠ᠃ | ᠡᠳᠦᠭᠡ ᠳᠡᠭᠡᠷ᠎ᠡ ᠳᠤᠷᠠᠳᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠶ᠎ᠡ᠂ ᠵᠠᠷᠯᠠᠨ ᠨᠡᠶᠢᠲᠡᠯᠡᠬᠦ ᠬᠤᠭᠤᠴᠠᠭ᠎ᠠ | ᠨᠢ 2025 ᠣᠨ ᠤ 6 ᠳ᠋ᠤᠭᠠᠷ ᠰᠠᠷ᠎ᠠ ᠶᠢᠨ 4 ᠤ ᠡᠳᠦᠷ ᠠᠴᠠ 2025 ᠣᠨ ᠤ 6 ᠳ᠋ᠤᠭᠠᠷ ᠰᠠᠷ᠎ᠠ ᠶᠢᠨ 8 ᠤ | ᠡᠳᠦᠷ ᠪᠣᠯᠣᠨ᠎ᠠ᠃ ᠰᠠᠨᠠᠯ ᠲᠠᠢ ᠪᠣᠯ ᠪᠢᠴᠢᠭ ᠢᠶᠠᠷ ︵ᠦᠨᠡᠨ ᠨᠡᠷ᠎ᠡ ︶ ᠡᠳ᠋ ᠤᠨ ᠵᠠᠰᠠᠭ ᠤᠨ ᠶᠠᠮᠤᠨ ᠤ ᠠᠵᠤ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠤᠷᠭᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠤᠷᠭᠠᠨ ᠳᠤ ᠠᠰᠠᠭᠤᠳᠠᠯ ᠢᠶᠠᠨ | ᠲᠤᠰᠬᠠᠭᠠᠷᠠᠢ᠃ | ᠬᠠᠷᠢᠯᠴᠠᠬᠤ ᠬᠡᠯᠪᠡᠷᠢ᠄ | ᠡᠳ᠋ ᠤᠨ ᠵᠠᠰᠠᠭ ᠤᠨ ᠶᠠᠮᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠤᠷᠭᠠᠨ 010 — | 68554472 | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ | ᠪᠦᠲᠦᠭᠡᠨ ᠪᠠᠶᠢᠭᠤᠯᠤᠯᠲᠠ ᠶᠢᠨ ᠵᠤᠷᠭᠠᠨ 010 — 58933160 | ᠡᠳ᠋ ᠤᠨ ᠵᠠᠰᠠᠭ ᠤᠨ ᠶᠠᠮᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠤᠷᠭᠠᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ | ᠪᠦᠲᠦᠭᠡᠨ ᠪᠠᠶᠢᠭᠤᠯᠤᠯᠲᠠ ᠶᠢᠨ ᠵᠤᠷᠭᠠᠨ | 2025 ᠣᠨ ᠤ 6 ᠳ᠋ᠤᠭᠠᠷ ᠰᠠᠷ᠎ᠠ ᠶᠢᠨ 4 ᠤ ᠡᠳᠦᠷ | ᠢᠷᠡᠯᠲᠡ᠄ ᠡᠳ᠋ ᠤᠨ ᠵᠠᠰᠠᠭ ᠤᠨ ᠶᠠᠮᠤᠨ ᠤ ᠰᠦᠯᠵᠢᠶ᠎ᠡ | |