ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠶᠢ ᠴᠢᠩᠭᠠᠳᠬᠠᠵᠤ᠂ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠶ᠎ᠠ
ᠨᠡᠶᠢᠲᠡᠯᠡᠭᠰᠡᠨ ᠴᠠᠭ᠄
2025/6/5
       ᠪᠠᠷᠢᠯᠭ᠎ᠠ ᠪᠣᠯ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠤᠨ ᠭᠤᠣᠯ ᠲᠠᠯᠠᠪᠤᠷ ᠭᠠᠵᠠᠷ ᠮᠥᠨ᠃ ᠣᠳᠣᠬᠠᠨ ᠳᠤ᠂ ᠮᠠᠨ ᠤ ᠤᠯᠤᠰ ᠤᠨ ᠬᠤᠲᠠ ᠶᠢᠨ ᠬᠥᠭᠵᠢᠯᠲᠡ ᠶᠡᠭᠡ ᠬᠡᠪᠴᠢᠶ᠎ᠡ ᠪᠠᠷ ᠨᠡᠮᠡᠭᠳᠡᠯ ᠪᠦᠲᠦᠭᠡᠨ ᠪᠠᠶᠢᠭᠤᠯᠤᠯᠲᠠ ᠬᠢᠵᠦ ᠪᠠᠶᠢᠭᠰᠠᠨ   ᠠᠴᠠ ᠪᠠᠨ ᠦᠯᠡᠳᠡᠭᠡᠯ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ ᠪᠠ ᠨᠡᠮᠡᠭᠳᠡᠯ ᠪᠦᠲᠦᠴᠡ ᠶᠢᠨ ᠲᠣᠬᠢᠷᠠᠭᠤᠯᠤᠯᠲᠠ ᠶᠢ ᠵᠡᠷᠭᠡ ᠪᠠᠷ ᠴᠢᠬᠤᠯᠠᠴᠢᠯᠠᠬᠤ ᠳᠠᠰᠢ ᠰᠢᠯᠵᠢᠵᠦ᠂ ᠬᠤᠲᠠ ᠶᠢᠨ ᠰᠢᠨᠡᠴᠢᠯᠡᠯᠲᠡ ᠶᠢᠨ ᠴᠢᠬᠤᠯᠠ ᠴᠠᠭ ᠦᠶ᠎ᠡ ᠳᠤ ᠣᠷᠣᠭᠠᠳ᠂ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠶᠢ ᠲᠦᠯᠬᠢᠨ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠨᠠᠩ ᠲᠣᠪᠣᠶᠢᠮ᠎ᠠ ᠪᠣᠯᠤᠭᠰᠠᠨ ᠪᠠᠶᠢᠨ᠎ᠠ᠃ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠶᠢ ᠴᠢᠩᠭᠠᠳᠬᠠᠨ᠂ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠬᠤ᠂ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠳᠤ ᠵᠢᠯᠣᠭᠤᠳᠤᠮᠵᠢ ᠬᠠᠩᠭᠠᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃         ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠰᠠᠬᠢᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠨᠢᠭᠡ ᠳᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠮᠤᠷ ᠲᠦᠪᠰᠢᠨ ᠪᠣᠯ ᠥᠭᠡᠷᠡᠴᠢᠯᠡᠬᠦ ᠶᠢᠨ ᠲᠡᠷᠢᠭᠦᠨ ᠴᠢᠬᠤᠯᠠ ᠵᠣᠷᠢᠯᠭ᠎ᠠ ᠮᠥᠨ᠂ ᠬᠦᠨᠳᠦ ᠶᠢ ᠳᠠᠭᠠᠭᠠᠬᠤ ᠪᠦᠲᠦᠴᠡ ᠶᠢᠨ ᠳᠠᠭᠠᠭᠠᠴᠠ ᠨᠢ ᠨᠢᠭᠡᠨᠲᠡ ᠬᠡᠪ ᠤᠨ ᠬᠡᠷᠡᠭᠯᠡᠭᠡᠨ ᠤ ᠱᠠᠭᠠᠷᠳᠠᠯᠭ᠎ᠠ ᠶᠢ ᠬᠡᠰᠡᠭ ᠲᠠᠯ᠎ᠠ ᠪᠠᠷ ᠪᠤᠶᠤ ᠪᠦᠷᠢᠮᠦᠰᠦᠨ ᠬᠠᠩᠭᠠᠵᠤ ᠳᠡᠶᠢᠯᠬᠦ ᠦᠭᠡᠢ ᠪᠣᠯᠤᠭᠰᠠᠨ C᠂ D ᠲᠠᠰ ᠤᠨ ᠠᠶᠤᠯᠲᠠᠢ ᠣᠷᠣᠨ ᠰᠠᠭᠤᠴᠠ ᠪᠠ ᠤᠯᠤᠰ ᠤᠨ ᠦᠮᠴᠢᠯᠡᠯᠳᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠢᠵᠢ ᠪᠦᠷᠢᠨ ᠪᠤᠰᠤ ᠣᠷᠣᠨ ᠰᠠᠭᠤᠴᠠ ᠶᠢ ᠪᠠᠬᠢᠵᠢᠭᠦᠯᠵᠦ ᠰᠡᠯᠪᠢᠨ ᠵᠠᠰᠠᠬᠤ ᠪᠤᠶᠤ ᠨᠤᠷᠠᠭᠠᠵᠤ ᠳᠠᠬᠢᠨ ᠪᠠᠶᠢᠭᠤᠯᠬᠤ ᠠᠵᠢᠯ ᠢ ᠥᠷᠨᠢᠭᠦᠯᠵᠦ᠂ ᠪᠡᠶ᠎ᠡ ᠶᠢᠨ ᠪᠠᠶᠢᠴᠠᠭᠠᠯᠲᠠ — ᠥᠭᠡᠷᠡᠴᠢᠯᠡᠬᠦ ᠶᠢᠨ ᠪᠢᠲᠡᠭᠦᠦ ᠴᠠᠭᠠᠷᠢᠭ ᠢ ᠪᠣᠶ ᠪᠣᠯᠭᠠᠬᠤ ᠬᠡᠷᠡᠭᠲᠡᠢ︔ ᠠᠮᠤᠷ ᠲᠦᠪᠰᠢᠨ ᠪᠤᠰᠤ ᠲᠠᠯᠳᠠ ᠭᠡᠮ ᠣᠷᠣᠰᠢᠵᠤ ᠪᠠᠶᠢᠬᠤ ᠮᠥᠷᠲᠡᠭᠡᠨ ᠪᠠᠬᠢᠵᠢᠭᠦᠯᠬᠦ ᠦᠨ᠎ᠡ ᠥᠷᠳᠡᠭ ᠲᠠᠢ ᠬᠤᠲᠠ ᠪᠠᠯᠭᠠᠰᠤ ᠶᠢᠨ ᠭᠡᠷ ᠪᠠᠶᠢᠰᠢᠩ ᠳᠤ ᠭᠠᠵᠠᠷ ᠬᠥᠳᠡᠯᠦᠯᠲᠡ ᠶᠢ ᠳᠠᠭᠠᠭᠠᠬᠤ ᠲᠠᠯ᠎ᠠ ᠪᠠᠷ ᠲᠥᠷᠥᠯ ᠪᠦᠯᠦᠭ ᠬᠤᠪᠢᠶᠠᠨ ᠪᠠᠬᠢᠵᠢᠭᠦᠯᠬᠦ ᠬᠡᠷᠡᠭᠲᠡᠢ᠂ ᠵᠢᠱᠢᠶᠡᠯᠡᠪᠡᠯ ᠥᠨᠳᠥᠷ ᠳᠣᠷᠭᠢᠴᠠ ᠲᠠᠢ ᠰᠡᠷᠭᠡᠶᠢᠯᠡᠯᠲᠡ ᠪᠠᠶᠢᠷᠢᠯᠠᠭᠤᠯᠤᠭᠰᠠᠨ ᠭᠠᠵᠠᠷ ᠣᠷᠣᠨ᠂ ᠭᠠᠵᠠᠷ ᠬᠥᠳᠡᠯᠦᠯᠲᠡ ᠶᠢᠨ ᠭᠤᠣᠯᠳᠠᠯᠭ᠎ᠠ ᠲᠠᠢ ᠬᠢᠨᠠᠨ ᠰᠡᠷᠭᠡᠶᠢᠯᠡᠬᠦ ᠣᠷᠣᠨ ᠳᠤ ᠭᠦᠢᠴᠡᠳ ᠨᠤᠲᠠᠯᠠᠯᠲᠠ ᠬᠢᠭᠰᠡᠨ ᠤ ᠲᠠᠷᠠᠭ᠎ᠠ ᠭᠠᠵᠠᠷ ᠬᠥᠳᠡᠯᠦᠯᠲᠡ ᠶᠢ ᠲᠤᠰᠠᠭᠠᠷᠯᠠᠵᠤ ᠭᠠᠵᠠᠷ ᠬᠥᠳᠡᠯᠦᠯᠲᠡ ᠶᠢ ᠪᠠᠭᠠᠰᠬᠠᠬᠤ ᠵᠡᠷᠭᠡ ᠮᠡᠷᠭᠡᠵᠢᠯ ᠢᠶᠠᠷ ᠪᠠᠬᠢᠵᠢᠭᠦᠯᠬᠦ ᠬᠡᠷᠡᠭᠲᠡᠢ᠃ ᠬᠤᠶᠠᠷ ᠲᠤ᠂ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠳᠦ ᠰᠠᠬᠢᠨ᠎ᠠ᠃ ᠥᠭᠡᠷᠡᠴᠢᠯᠡᠬᠦ ᠶᠠᠪᠤᠴᠠ ᠳᠤ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ᠂ ᠲᠡᠦᠬᠡ ᠶᠢᠨ ᠪᠠᠷᠢᠯᠭ᠎ᠠ ᠵᠡᠷᠭᠡ ᠬᠠᠮᠠᠭᠠᠯᠠᠬᠤ ᠡᠲᠡᠭᠡᠳ ᠲᠤ ᠬᠤᠯᠪᠣᠭᠳᠠᠭᠰᠠᠨ ᠪᠠᠶᠢᠪᠠᠯ᠂ ︽ᠨᠢᠭᠡ ᠥᠷᠥᠭᠡ ᠨᠢᠭᠡ ᠲᠥᠷᠥ ᠶᠢᠨ ᠪᠣᠳᠣᠯᠭ᠎ᠠ︾ ᠶᠢᠨ ᠥᠭᠡᠷᠡᠴᠢᠯᠡᠬᠦ ᠲᠥᠰᠥᠯ ᠢ ᠳᠤᠷᠠᠳᠤᠨ ᠭᠠᠷᠭᠠᠵᠤ᠂ ᠠᠶᠤᠯᠲᠠᠢ ᠣᠷᠣᠨ ᠰᠠᠭᠤᠴᠠ ᠶᠢᠨ ᠨᠡᠷ᠎ᠡ ᠪᠠᠷ ᠲᠡᠦᠬᠡ ᠰᠣᠶᠣᠯ ᠤᠨ ᠵᠡᠭᠡᠯᠢ ᠲᠣᠭᠤᠷᠢᠭ᠂ ᠤᠯᠠᠮᠵᠢᠯᠠᠯᠲᠤ ᠠᠶᠢᠯ ᠲᠣᠰᠬᠤᠨ᠂ ᠲᠡᠦᠬᠡ ᠶᠢᠨ ᠳᠤᠷᠠᠰᠬᠠᠯᠲᠤ ᠵᠦᠢᠯᠡᠰ᠂ ᠲᠡᠦᠬᠡ ᠶᠢᠨ ᠪᠠᠷᠢᠯᠭ᠎ᠠ ᠶᠢ ᠬᠠᠤᠯᠢ ᠲᠣᠭᠲᠠᠭᠠᠯ   ᠠᠴᠠ ᠵᠥᠷᠢᠴᠡᠨ ᠨᠤᠷᠠᠭᠠᠵᠤ ᠥᠭᠡᠷᠡᠴᠢᠯᠡᠬᠦ ᠶᠢ ᠴᠢᠩᠭ᠎ᠠ ᠴᠠᠭᠠᠵᠠᠯᠠᠵᠤ᠂ ᠬᠤᠲᠠ ᠶᠢᠨ ᠲᠡᠦᠬᠡ ᠰᠣᠶᠣᠯ ᠤᠨ ᠰᠤᠳᠠᠰᠤ ᠶᠢ ᠰᠠᠶᠢᠲᠤᠷ ᠬᠠᠮᠠᠭᠠᠯᠠᠬᠤ ᠬᠡᠷᠡᠭᠲᠡᠢ᠃         ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠪᠠᠷ ᠦᠷ᠎ᠡ ᠪᠦᠲᠦᠮᠵᠢ ᠣᠯᠬᠤ ᠬᠡᠷᠡᠭᠲᠡᠢ᠃ ᠨᠢᠭᠡ ᠳᠤ᠂ ᠭᠡᠷ ᠪᠠᠶᠢᠰᠢᠩ ᠢ ᠨᠠᠩ ᠪᠣᠬᠢᠷᠲᠤᠯ ᠦᠭᠡᠢ ᠪᠣᠯᠭᠠᠨ᠎ᠠ᠃ ᠪᠠᠷᠢᠯᠭ᠎ᠠ ᠶᠢᠨ ᠬᠦᠷᠢᠶ᠎ᠡ ᠪᠣᠯ ᠮᠠᠨ ᠤ ᠤᠯᠤᠰ ᠤᠨ ᠡᠨᠧᠷᠭᠢ ᠶᠢᠨ ᠬᠤᠷᠣᠭᠳᠠᠯ ᠪᠣᠯᠣᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠭᠤᠣᠯ ᠬᠦᠷᠢᠶ᠎ᠡ ᠶᠢᠨ ᠨᠢᠭᠡ ᠪᠣᠯᠣᠨ᠎ᠠ᠂ ︽2024 ᠣᠨ ᠤ ᠳᠤᠮᠳᠠᠳᠤ ᠤᠯᠤᠰ ᠤᠨ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠰᠤᠳᠤᠯᠭᠠᠨ ᠤ ᠮᠡᠳᠡᠭᠦᠯᠦᠯᠲᠡ︾ ᠶᠢ ᠦᠨᠳᠦᠰᠦᠯᠡᠪᠡᠯ᠂ 2022 ᠣᠨ ᠤ ᠪᠠᠷᠢᠯᠭ᠎ᠠ ᠶᠢᠨ ᠠᠵᠢᠯᠯᠠᠭᠠᠨ ᠤ ᠡᠨᠧᠷᠭᠢ ᠶᠢᠨ ᠬᠤᠷᠣᠭᠳᠠᠯ ᠨᠢ ᠪᠦᠬᠦ ᠤᠯᠤᠰ ᠤᠨ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢᠨ 22% ᠢ ᠡᠵᠡᠯᠡᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠨᠢ ᠪᠦᠬᠦ ᠤᠯᠤᠰ ᠤᠨ ᠡᠨᠧᠷᠭᠢ ᠶᠢᠨ ᠬᠠᠮᠢᠶ᠎ᠠ ᠪᠦᠬᠦᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ 21.7%  ᠶᠢ ᠡᠵᠡᠯᠡᠵᠦ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠠᠬᠢᠭᠤᠯᠬᠤ ᠨᠢ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠴᠢᠬᠤᠯᠠ ᠶᠡᠭᠡ ᠠᠴᠢ ᠬᠤᠯᠪᠤᠭᠳᠠᠯ ᠲᠠᠢ ᠪᠤᠯᠵᠠᠢ᠃ ᠠᠭᠠᠷ ᠲᠣᠬᠢᠷᠠᠭᠤᠯᠤᠭᠴᠢ ᠵᠡᠷᠭᠡ ᠡᠨᠧᠷᠭᠢ ᠬᠡᠷᠡᠭᠯᠡᠬᠦ ᠲᠥᠬᠦᠭᠡᠷᠦᠮᠵᠢ ᠪᠠ ᠡᠭᠦᠳᠡ ᠴᠣᠩᠬᠤ ᠵᠡᠷᠭᠡ ᠣᠷᠣᠨ ᠪᠠᠶᠢᠷᠢ ᠪᠠᠷ ᠭᠤᠣᠯᠳᠠᠯᠭ᠎ᠠ ᠪᠣᠯᠭᠠᠵᠤ᠂ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠪᠠ ᠣᠯᠠᠨ ᠨᠡᠶᠢᠲᠡ ᠶᠢᠨ ᠪᠠᠷᠢᠯᠭ᠎ᠠ ᠶᠢᠨ ᠪᠣᠬᠢᠷᠲᠤᠯ ᠦᠭᠡᠢ ᠪᠣᠯᠭᠠᠬᠤ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ ᠪᠠᠷᠢᠯᠭ᠎ᠠ ᠶᠢᠨ ᠡᠨᠧᠷᠭᠢ ᠶᠢᠨ ᠬᠤᠷᠣᠭᠳᠠᠯ ᠪᠠᠭ᠎ᠠ᠂ ᠡᠨᠧᠷᠭᠢ ᠶᠢᠨ ᠠᠰᠢᠭᠯᠠᠮᠵᠢ ᠪᠠᠷ ᠥᠨᠳᠥᠷ ᠠᠵᠢᠯᠯᠠᠭᠠᠨ ᠢ ᠪᠡᠶᠡᠯᠡᠭᠦᠯᠦᠨ᠎ᠡ᠃ ᠬᠤᠶᠠᠷ ᠲᠤ᠂ ᠭᠡᠷ ᠪᠠᠶᠢᠰᠢᠩ ᠢ ᠨᠠᠩ ᠲᠠᠭᠠᠯᠠᠮᠵᠢᠲᠠᠢ ᠪᠣᠯᠭᠠᠨ᠎ᠠ᠃ ᠪᠠᠷᠢᠯᠭ᠎ᠠ ᠶᠢᠨ ᠮᠠᠲ᠋ᠧᠷᠢᠶᠠᠯ ᠤᠨ ᠳᠤᠯᠠᠭᠠᠨ ᠬᠠᠳᠠᠭᠠᠯᠠᠬᠤ ᠬᠠᠮᠢᠶᠠᠷᠤᠯᠲᠠ ᠶᠢ ᠴᠢᠩᠭᠠᠳᠬᠠᠵᠤ᠂ ᠪᠥᠬᠦ ᠶᠠᠪᠤᠴᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ᠂ ᠳᠤᠯᠠᠭᠠᠨ ᠬᠠᠮᠠᠭᠠᠯᠠᠬᠤ ᠮᠠᠲ᠋ᠧᠷᠢᠶᠠᠯ ᠤᠨ ᠦᠢᠯᠡᠳᠬᠦᠨ ᠤ ᠲᠠᠰ ᠳᠡᠪᠰᠢᠬᠦ ᠶᠢ ᠠᠬᠢᠭᠤᠯᠤᠨ᠎ᠠ︔ ᠰᠠᠭᠤᠭᠠᠯᠢ ᠠᠷᠠᠳ ᠤᠨ ᠭᠡᠷ ᠳᠣᠲᠣᠷᠠᠬᠢ ᠵᠠᠰᠠᠯ ᠴᠢᠮᠡᠭᠯᠡᠯ ᠪᠠ ᠬᠡᠰᠡᠭ ᠲᠠᠯ᠎ᠠ ᠶᠢᠨ ᠲᠠᠰ ᠳᠡᠪᠰᠢᠭᠦᠯᠦᠨ ᠥᠭᠡᠷᠡᠴᠢᠯᠡᠬᠦ ᠶᠢ ᠵᠣᠷᠢᠭᠵᠢᠭᠤᠯᠤᠨ᠂ ᠣᠷᠣᠨ ᠰᠠᠭᠤᠴᠠ ᠶᠢᠨ ᠣᠷᠣᠨ ᠪᠦᠰᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠴᠢᠨᠠᠷ᠂ ᠳᠥᠭᠦᠮ ᠳᠥᠲᠡ ᠴᠢᠨᠠᠷ ᠪᠠ ᠣᠶᠤᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃         ᠴᠢᠳᠠᠪᠤᠷᠢ ᠪᠠᠨ ᠬᠤᠪᠢᠷᠠᠭᠤᠯᠬᠤ ᠲᠠᠯ᠎ᠠ ᠪᠠᠷ ᠰᠢᠨ᠎ᠡ ᠲᠣᠬᠢᠶᠠᠯ ᠢ ᠪᠤᠢ ᠪᠤᠯᠭᠠᠨ᠎ᠠ᠃ ᠬᠤᠲᠠ ᠶᠢᠨ ᠴᠢᠳᠠᠮᠵᠢ ᠶᠢᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠴᠥᠭᠡᠨ ᠪᠤᠰᠤ ᠨᠢᠭᠡᠨᠲᠡ ᠪᠠᠶᠢᠭ᠎ᠠ ᠪᠠᠷᠢᠯᠭ᠎ᠠ ᠨᠢ ᠰᠢᠨ᠎ᠡ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠬᠤ ᠦᠭᠡᠢ ᠪᠣᠯᠵᠤ᠂ ᠠᠰᠢᠭᠯᠠᠯᠲᠠ ᠶᠢᠨ ᠨᠣᠷᠮ᠎ᠠ ᠪᠠᠷ ᠨᠡᠯᠢᠶᠡᠳ ᠳᠣᠣᠷ᠎ᠠ ᠪᠣᠯᠵᠤ᠂ ᠣᠷᠣᠨ ᠪᠦᠰᠡ ᠶᠢ ᠡᠮᠬᠢᠯᠡᠨ ᠨᠡᠶᠢᠯᠡᠭᠦᠯᠬᠦ᠂ ᠴᠢᠳᠠᠮᠵᠢ ᠶᠢ ᠬᠤᠪᠢᠷᠠᠭᠤᠯᠬᠤ ᠪᠠ ᠥᠭᠡᠷᠡᠴᠢᠯᠡᠨ ᠳᠡᠭᠡᠭᠰᠢᠯᠡᠭᠦᠯᠬᠦ ᠶᠢ ᠪᠠᠴᠢᠮ ᠱᠠᠭᠠᠷᠳᠠᠵᠤ᠂ ᠡᠬᠢ ᠪᠠᠶᠠᠯᠢᠭ ᠢ ᠬᠡᠷᠡᠭᠯᠡᠵᠦ ᠪᠤᠯᠬᠤ ᠶᠢ ᠪᠦᠬᠦᠨ ᠢ ᠬᠡᠷᠡᠭᠯᠡᠵᠦ᠂ ᠥᠨᠳᠥᠷ ᠦᠷ᠎ᠡ ᠪᠦᠲᠦᠮᠵᠢᠲᠡᠶ ᠪᠠᠷ ᠲᠣᠬᠢᠷᠠᠭᠤᠯᠬᠤ ᠶᠢ ᠪᠡᠶᠡᠯᠡᠭᠦᠯᠬᠦ ᠴᠢᠬᠤᠯᠠᠲᠠᠢ ᠪᠠᠶᠢᠨ᠎ᠠ᠃ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ᠂ ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ᠂ ᠤᠯᠠᠮᠵᠢᠯᠠᠯᠲᠤ ᠬᠤᠳᠠᠯᠳᠤᠭᠠᠨ ᠤ ᠲᠥᠬᠦᠭᠡᠷᠦᠮᠵᠢ ᠵᠡᠷᠭᠡ ᠦᠯᠡᠳᠡᠭᠡᠯ ᠭᠡᠷ ᠪᠠᠶᠢᠰᠢᠩ ᠢ ᠥᠭᠡᠷᠡᠴᠢᠯᠡᠨ ᠵᠠᠰᠠᠵᠤ ᠠᠰᠢᠭᠯᠠᠬᠤ ᠶᠢ ᠴᠢᠩᠭᠠᠳᠬᠠᠵᠤ᠂ ᠪᠠᠷᠢᠯᠭ᠎ᠠ ᠶᠢᠨ ᠴᠢᠳᠠᠮᠵᠢ ᠶᠢ ᠬᠤᠪᠢᠷᠠᠭᠤᠯᠬᠤ ᠪᠠ ᠬᠤᠯᠢᠯᠳᠤᠭᠤᠯᠤᠨ ᠠᠰᠢᠭᠯᠠᠬᠤ ᠶᠢ ᠠᠬᠢᠭᠤᠯᠵᠤ᠂ ᠪᠠᠷᠢᠯᠭ᠎ᠠ ᠶᠢᠨ ᠭᠤᠣᠯᠯᠠᠬᠤ ᠴᠢᠳᠠᠮᠵᠢ ᠶᠢ ᠦᠨᠳᠦᠰᠦᠯᠡᠨ ᠭᠠᠵᠠᠷ ᠰᠢᠷᠣᠢ ᠶᠢᠨ ᠬᠡᠷᠡᠭᠴᠡᠭᠡ ᠶᠢ ᠬᠠᠤᠯᠢ ᠲᠣᠭᠲᠠᠭᠠᠯ ᠶᠣᠰᠣᠭᠠᠷ ᠵᠦᠢ ᠵᠣᠬᠢᠰᠲᠠᠢ ᠪᠠᠷ ᠬᠤᠪᠢᠷᠠᠭᠤᠯᠬᠤ ᠬᠡᠷᠡᠭᠲᠡᠢ᠃ ᠵᠢᠱᠢᠶᠡᠯᠡᠪᠡᠯ᠂ ᠵᠠᠷᠢᠮ ᠭᠠᠵᠠᠷ ᠣᠷᠣᠨ ᠳᠤ ᠨᠢᠭᠡᠨᠲᠡ ᠬᠤᠳᠠᠯᠳᠤᠭᠠᠨ ᠤ ᠣᠷᠣᠨ ᠰᠠᠭᠤᠴᠠ ᠶᠢ ᠥᠭᠡᠷᠡᠴᠢᠯᠡᠭᠰᠡᠨ᠂ ᠠᠵᠤ ᠦᠢᠯᠡᠳᠪᠦᠷᠢ ᠶᠢᠨ ᠣᠷᠣᠨ ᠰᠠᠭᠤᠴᠠ ᠶᠢ ᠥᠭᠡᠷᠡᠴᠢᠯᠡᠭᠰᠡᠨ ᠬᠤᠯᠪᠣᠭᠳᠠᠯ ᠪᠦᠬᠦᠢ ᠬᠡᠷᠡᠭ ᠤᠨ ᠵᠢᠱᠢᠶ᠎ᠡ ᠴᠥᠭᠡᠨ ᠪᠤᠰᠤ ᠪᠠᠶᠢᠨ᠎ᠠ︔ ᠵᠠᠷᠢᠮ ᠭᠠᠵᠠᠷ ᠣᠷᠣᠨ ᠤ ᠬᠢᠨ ᠭᠤᠣᠯ ᠬᠤᠳᠠ ᠶᠢᠨ ᠲᠣᠭᠤᠷᠢᠭ ᠲᠤ ︽ᠬᠤᠶᠠᠷ ᠢ ᠤᠬᠤᠷᠢᠭᠤᠯᠵᠤ ᠭᠤᠷᠪᠠ ᠶᠢ ᠣᠷᠣᠭᠤᠯᠬᠤ︾ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ ᠣᠷᠣᠨ ᠪᠦᠰᠡ ᠶᠢ ᠰᠣᠶᠣᠯ ᠤᠨ ᠪᠦᠲᠦᠭᠡᠯᠴᠢ ᠲᠥᠰᠥᠪᠯᠡᠯ᠂ ᠰᠦᠯᠵᠢᠶᠡᠨ ᠤ ᠠᠵᠤ ᠠᠬᠤᠢ ᠵᠡᠷᠭᠡ ᠭᠤᠷᠪᠠᠳᠤᠭᠠᠷ ᠠᠵᠤ ᠦᠢᠯᠡᠰ ᠲᠤ ᠬᠡᠷᠡᠭᠯᠡᠵᠦ ᠪᠠᠶᠢᠨ᠎ᠠ᠃ ᠳᠣᠣᠷ᠎ᠠ ᠠᠰᠢᠭᠯᠠᠮᠵᠢᠲᠤ ᠪᠠᠷᠢᠯᠭ᠎ᠠ ᠶᠢ ᠲᠠᠬᠢᠨ ᠠᠰᠢᠭᠯᠠᠬᠤ ᠪᠠ ᠳᠣᠣᠷ᠎ᠠ ᠠᠰᠢᠭᠯᠠᠮᠵᠢᠲᠤ ᠭᠠᠵᠠᠷ ᠢ ᠲᠠᠬᠢᠨ ᠨᠡᠭᠡᠭᠡᠨ ᠠᠰᠢᠭᠯᠠᠬᠤ ᠨᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠳᠤ ᠣᠷᠣᠨ ᠪᠦᠰᠡ ᠶᠢᠨ ᠠᠴᠢᠶᠠᠯᠠᠪᠤᠷᠢ ᠶᠢ ᠬᠠᠩᠭᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠬᠤᠪᠢᠷᠠᠭᠤᠯᠤᠨ ᠲᠡᠰ ᠳᠡᠪᠰᠢᠬᠦ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ᠂ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠳᠤ ᠠᠰᠢᠭᠲᠠᠢ ᠶᠤᠮ᠃         ᠲᠤᠯᠭᠠᠭᠤᠷᠢᠯᠠᠯ ᠢ ᠴᠢᠩᠭᠠᠳᠬᠠᠬᠤ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠢᠨ᠎ᠠ᠃ ᠨᠢᠭᠡ ᠳᠤ᠂ ᠭᠡᠷ ᠪᠠᠶᠢᠰᠢᠩ ᠤᠨ ᠬᠡᠷᠡᠭᠯᠡᠯᠲᠡ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠭᠡᠷ ᠪᠠᠶᠢᠰᠢᠩ ᠤᠨ ᠠᠮᠤᠷ ᠲᠦᠪᠰᠢᠨ ᠤ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠪᠠ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠭᠡᠷ ᠪᠠᠶᠢᠰᠢᠩ ᠤᠨ ᠶᠠᠰᠤ ᠴᠢᠨᠠᠷ ᠠᠮᠤᠷ ᠲᠦᠪᠰᠢᠨ ᠤ ᠪᠠᠲᠤᠯᠠᠭ᠎ᠠ ᠶᠢᠨ ᠲᠣᠭᠲᠠᠴᠠ ᠶᠢᠨ ᠰᠢᠨ᠎ᠡ ᠶᠢ ᠡᠭᠦᠳᠬᠦ ᠶᠢ ᠰᠦᠪᠡᠭᠴᠢᠯᠡᠨ᠎ᠡ᠂ ᠵᠢᠱᠢᠶᠡᠯᠡᠪᠡᠯ ᠭᠡᠷ ᠪᠠᠶᠢᠰᠢᠩ ᠤᠨ ᠠᠮᠤᠷ ᠲᠦᠪᠰᠢᠨ ᠤ ᠲᠠᠭᠠᠳᠬᠠᠯ ᠤᠨ ᠲᠦᠷᠢᠮ ᠢ ᠲᠦᠯᠬᠢᠨ ᠠᠬᠢᠭᠤᠯᠤᠨ᠎ᠠ︔ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠢᠭᠡᠨᠲᠡ ᠪᠠᠶᠢᠭ᠎ᠠ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠣᠯᠠᠨ ᠨᠡᠶᠢᠲᠡ ᠶᠢᠨ ᠪᠡᠯᠡ ᠮᠥᠩᠭᠦ ᠴᠤᠭᠯᠠᠭᠤᠯᠬᠤ᠂ ᠬᠠᠮᠢᠶᠠᠷᠬᠤ᠂ ᠬᠡᠷᠡᠭᠯᠡᠬᠦ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠤᠨ᠎ᠠ᠃ ᠬᠤᠶᠠᠷ ᠲᠤ᠂ ᠪᠡᠶ᠎ᠡ ᠪᠠᠨ ᠳᠠᠭᠠᠭᠠᠵᠤ ᠰᠢᠨᠡᠴᠢᠯᠡᠬᠦ ᠦᠷᠭᠦᠯᠵᠢᠯᠡᠬᠦ ᠵᠠᠭᠪᠤᠷ ᠢ ᠠᠯᠬᠤᠮ ᠠᠯᠬᠤᠮ ᠢᠶᠠᠷ ᠪᠤᠢ ᠪᠣᠯᠭᠠᠵᠤ᠂ ᠥᠮᠴᠢᠯᠡᠭᠴᠢ ᠶᠢᠨ ᠪᠡᠶ᠎ᠡ ᠪᠠᠨ ᠳᠠᠭᠠᠭᠠᠵᠤ ᠰᠢᠨᠡᠴᠢᠯᠡᠬᠦ ᠶᠢ ᠵᠣᠷᠢᠭᠵᠢᠭᠤᠯᠵᠤ᠂ ᠠᠷᠠᠳ ᠤᠯᠠᠨ ᠤ ᠥᠭᠡᠷᠡᠴᠢᠯᠡᠯᠲᠡ ᠳᠤ ᠣᠷᠣᠯᠴᠠᠬᠤ ᠢᠳᠡᠪᠬᠢᠵᠢᠯ ᠢ ᠲᠠᠶᠢᠴᠢᠯᠠᠨ ᠂ ᠥᠭᠡᠷᠡᠴᠢᠯᠡᠯᠲᠡ ᠶᠢᠨ ᠥᠨᠳᠥᠷ ᠪᠦᠲᠦᠮᠵᠢᠲᠡᠶ ᠤᠷᠤᠭᠰᠢᠲᠠᠢ ᠶᠠᠪᠤᠭᠳᠠᠬᠤ ᠶᠢ ᠬᠠᠮᠲᠤ ᠪᠠᠷ ᠲᠦᠯᠬᠢᠨ ᠠᠬᠢᠭᠤᠯᠤᠨ᠎ᠠ ᠃ ᠵᠢᠱᠢᠶᠡᠯᠡᠪᠡᠯ᠂ ᠬᠠᠩᠵᠧᠦ ᠶᠢᠨ ᠵᠧᠵᠢᠶᠠᠩ ᠠᠵᠤ ᠦᠢᠯᠡᠳᠪᠦᠷᠢ ᠶᠢᠨ ᠰᠢᠨ᠎ᠡ ᠲᠣᠰᠬᠤᠨ ᠢ ᠤᠤᠯ ᠭᠠᠵᠠᠷ ᠲᠤᠨᠢ ᠳᠠᠬᠢᠨ ᠪᠠᠶᠢᠭᠤᠯᠬᠤ ᠪᠠᠷ ᠳᠠᠮᠵᠢᠭᠤᠯᠤᠨ᠂ ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠰᠠᠭᠤᠭᠠᠯᠢ ᠠᠷᠠᠳ ᠤᠨ ᠣᠯᠠᠨ ᠡᠰᠢᠲᠦ ᠪᠡᠯᠡ ᠴᠤᠭᠯᠠᠭᠤᠯᠬᠤ ᠵᠠᠭᠪᠤᠷ ᠢ ᠠᠰᠢᠭᠯᠠᠨ᠂ ᠤᠤᠯ ᠲᠣᠭᠤᠷᠢᠭ ᠤᠨ ᠬᠠᠭᠤᠴᠢᠨ ᠣᠷᠣᠨ ᠰᠠᠭᠤᠴᠠ ︵ᠬᠡᠰᠡᠭ C ᠲᠠᠰ ᠤᠨ ᠨᠤᠷᠠᠬᠤ ᠠᠶᠤᠯᠲᠠᠢ ᠭᠡᠷ ᠪᠠᠶᠢᠰᠢᠩ ᠪᠠᠭᠲᠠᠨ᠎ᠠ︶ ᠶᠢ ᠣᠳᠣᠬᠢᠴᠢᠯᠠᠭᠰᠠᠨ ᠣᠷᠣᠨ ᠰᠠᠭᠤᠴᠠ ᠶᠢᠨ ᠲᠣᠭᠤᠷᠢᠭ ᠪᠣᠯᠭᠠᠨ ᠥᠭᠡᠷᠡᠴᠢᠯᠡᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠦᠭᠰᠡᠨ ᠪᠠᠶᠢᠨ᠎ᠠ᠃         ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠪᠣᠯ ᠨᠢᠭᠡᠨ ᠤᠷᠳᠤ ᠬᠤᠭᠤᠴᠠᠭᠠᠳᠦ ᠴᠢᠨᠠᠷᠲᠠᠢ᠂ ᠰᠢᠰᠲ᠋ᠧᠮᠲᠦ ᠴᠢᠨᠠᠷᠲᠠᠢ ᠢᠨᠵᠧᠨᠧᠷᠢᠩ ᠪᠣᠯᠣᠨ᠎ᠠ᠃ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠲᠤᠬᠠᠢ ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠦᠴᠦᠯᠡᠨ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠶᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠵᠤ᠂ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠪᠠᠷᠢᠯᠭ᠎ᠠ ᠶᠢᠨ ᠴᠢᠳᠠᠮᠵᠢ ᠶᠢ ᠬᠤᠪᠢᠷᠠᠭᠤᠯᠵᠤ᠂ ᠳᠦᠷᠢᠮ ᠤᠨ ᠲᠤᠯᠭᠠᠭᠤᠷᠢᠯᠠᠯ ᠢ ᠴᠢᠩᠭᠠᠳᠬᠠᠵᠤ᠂ ᠬᠠᠭᠤᠴᠢᠨ ᠭᠡᠷ ᠪᠠᠶᠢᠰᠢᠩ᠂ ᠬᠠᠭᠤᠴᠢᠨ ᠤᠷᠤᠨ ᠰᠠᠭᠤᠴᠠ ᠶᠢᠨ ᠰᠢᠨ᠎ᠡ ᠠᠮᠢᠵᠢᠷᠠᠯ ᠤᠨ ᠬᠦᠴᠦᠨ ᠢ ᠬᠦᠭᠵᠢᠭᠡᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠶᠢ ᠨᠡᠩ ᠰᠠᠶᠢᠲᠤᠷ ᠠᠴᠢᠶᠠᠯᠠᠨ᠎ᠠ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1