ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠦᠦ ᠶᠢᠨ ᠨᠣᠷᠮ᠎ᠠ ᠶᠢ ᠪᠠᠭᠤᠷᠠᠭᠤᠯᠤᠭᠰᠠᠨ ᠨᠢ ᠭᠡᠷ ᠪᠠᠶᠢᠰᠢᠩ ᠭᠠᠵᠠᠷ ᠬᠦᠷᠦᠩᠭᠡ ᠤᠨ ᠵᠠᠬ᠎ᠠ ᠲᠡᠯᠭᠡᠭᠦᠷ ᠲᠤ ᠠᠰᠢᠭᠳᠠᠢ
ᠨᠡᠶᠢᠲᠡᠯᠡᠭᠰᠡᠨ ᠴᠠᠭ᠄
2025/6/5
      ᠣᠶᠢᠷ᠎ᠠ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ 0.25 ᠵᠠᠭᠤᠨ ᠤ ᠨᠢᠭᠡᠴᠢ ᠪᠠᠭᠤᠷᠠᠭᠤᠯᠵᠤ᠂ 5 ᠵᠢᠯ ᠠᠴᠠ ᠳᠣᠭᠤᠭᠰᠢ ︵5 ᠵᠢᠯ ᠪᠠᠭᠲᠠᠨ᠎ᠠ︶ ᠪᠠ 5 ᠵᠢᠯ ᠠᠴᠠ ᠳᠡᠭᠡᠭᠰᠢ ᠠᠩᠬᠠᠨ ᠤ ᠢᠵᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠨᠣᠷᠮ᠎ᠠ ᠶᠢ ᠲᠣᠰ ᠲᠣᠰ 2.1% ᠪᠠ 2.6% ᠪᠣᠯᠭᠠᠨ ᠲᠣᠬᠢᠷᠠᠭᠤᠯᠤᠨ᠎ᠠ ᠭᠡᠵᠦ ᠨᠡᠶᠢᠳᠡᠯᠡᠪᠡ᠃       ᠭᠦᠸᠧ ᠬᠠᠢ ᠦᠨᠡᠲᠦ ᠲᠡᠮᠳᠡᠭᠲᠦ ᠶᠢᠨ ᠲᠡᠷᠢᠭᠦᠨ ᠠᠵᠤ ᠠᠬᠤᠢ ᠶᠢᠨ ᠤᠬᠠᠭᠠᠨᠲᠠᠨ ᠰᠢᠶᠠ ᠯᠧᠢ ᠢᠯᠡᠷᠬᠡᠶᠢᠯᠡᠬᠦ ᠳᠡᠭᠡᠨ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠨᠢ ᠨᠢᠭᠡ ᠵᠦᠢᠯ ᠤᠨ ᠭᠡᠷ ᠪᠠᠶᠢᠰᠢᠩ ᠬᠤᠳᠠᠯᠳᠤᠨ ᠠᠪᠬᠤ ᠪᠡᠯᠡ ᠮᠥᠩᠭᠦ ᠲᠦᠯᠦᠬᠦ ᠳᠡᠮᠵᠢᠯᠭᠡ ᠶᠢᠨ ᠴᠢᠬᠤᠯᠠ ᠠᠷᠭ᠎ᠠ ᠬᠡᠯᠪᠡᠷᠢ ᠪᠣᠯᠤᠭᠰᠠᠨ ᠤ ᠬᠤᠪᠢ ᠳᠤ᠂ ᠬᠤᠳᠠᠯᠳᠤᠭᠠᠨ ᠤ ᠵᠢᠭᠡᠯᠡᠯᠭᠡ ᠶᠢᠨ ᠠᠰᠢᠭᠲᠠᠢ ᠨᠥᠬᠦᠪᠦᠷᠢ ᠪᠣᠯᠬᠤ ᠪᠥᠭᠡᠳ ᠢᠯᠡᠳᠲᠡ ᠬᠦᠦ ᠮᠥᠩᠭᠦ ᠶᠢᠨ ᠨᠣᠷᠮ᠎ᠠ ᠶᠢᠨ ᠳᠠᠪᠠᠭᠤᠯᠢᠭ ᠲᠠᠢ ᠶᠤᠮ᠃ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ 2023 ᠣᠨ ᠤ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠨᠢ ᠠᠳᠠᠯᠢ ᠬᠤᠭᠤᠴᠠᠭᠠᠨ ᠤ ᠬᠤᠳᠠᠯᠳᠤᠭᠠᠨ ᠤ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠠᠴᠠ 0.85—1.2 ᠵᠠᠭᠤᠨ ᠤ ᠨᠢᠭᠡᠴᠢ ᠲᠤᠤᠷ᠎ᠠ ᠪᠠᠶᠢᠨ᠎ᠠ ᠭᠡᠵᠡᠢ᠃       5 ᠳ᠋ᠤᠭᠠᠷ ᠰᠠᠷ᠎ᠠ ᠶᠢᠨ 8 ᠤ ᠡᠳᠦᠷ ᠠᠴᠠ ᠡᠬᠢᠯᠡᠨ᠂ ᠪᠡᠭᠡᠵᠢᠩ᠂ ᠱᠠᠩᠬᠠᠢ᠂ ᠱᠧᠨᠵᠧᠨ᠂ ᠭᠤᠸᠠᠩᠵᠸᠦ ᠵᠡᠷᠭᠡ ᠨᠢᠭᠡᠳᠦᠭᠡᠷ ᠲᠡᠰ ᠤᠨ ᠬᠤᠲᠠ ᠨᠤᠭᠤᠳ ᠵᠠᠯᠭᠠᠭ᠎ᠠ ᠪᠠᠷ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠪᠠ︔ ᠴᠠᠩᠱᠠ᠂ ᠰᠢ ᠠᠨ᠂ ᠨᠢᠩᠪᠦ᠋ᠸᠧ᠂ ᠨᠠᠨᠵᠢᠩ᠂ ᠺᠦᠨᠮᠢᠩ᠂ ᠬᠠᠷᠪᠢᠨ᠂ ᠶᠢᠨᠴᠤᠸᠠᠨ ᠪᠣᠯᠣᠨ ᠾᠧᠨᠠᠨ ᠪᠠᠰᠠ ᠮᠡᠳᠡᠭᠳᠡᠯ ᠨᠡᠶᠢᠲᠡᠯᠡᠵᠦ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠰᠢᠨ᠎ᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠭᠰᠠᠨ ᠤ ᠳᠠᠷᠠᠭ᠎ᠠ᠂ ᠵᠠᠬ᠎ᠠ ᠳᠡᠯᠭᠡᠭᠦᠷ ᠲᠤ ᠢᠳᠡᠪᠬᠢᠲᠡᠢ ᠲᠤᠰᠬᠠᠯ ᠭᠠᠷᠪᠠ᠃ ᠬᠡᠰᠡᠭ ᠭᠠᠷ ᠳᠠᠮᠵᠢᠭᠰᠠᠨ ᠭᠡᠷ ᠤᠨ ᠪᠣᠷᠤᠯᠠᠭᠤᠯᠭ᠎ᠠ ᠶᠢᠨ ᠬᠡᠷᠡᠭᠯᠡᠭᠴᠢ ᠶᠢᠨ ᠬᠡᠮᠵᠢᠶ᠎ᠡ ᠶᠢ ᠡᠳᠦᠢ ᠲᠡᠳᠦᠢ ᠨᠡᠮᠡᠭᠳᠡᠭᠦᠯᠵᠡᠢ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢᠯᠠᠭᠴᠢ ᠶᠢᠨ ᠬᠡᠯᠡᠬᠦ ᠪᠠᠷ᠂ ᠣᠶᠢᠷ᠎ᠠ ᠶᠢᠨ ᠬᠤᠭᠤᠴᠠᠭᠠᠨ ᠳᠤ ᠵᠣᠴᠢᠨ ᠡᠷᠦᠬᠡ ᠶᠢᠨ ᠠᠰᠠᠭᠤᠨ ᠯᠠᠪᠯᠠᠬᠤ ᠬᠡᠮᠵᠢᠶ᠎ᠡ ᠡᠳᠦᠢ ᠲᠡᠳᠦᠢ ᠳᠡᠭᠡᠭᠰᠢᠯᠡᠵᠦ᠂ ᠭᠡᠷ ᠪᠠᠶᠢᠰᠢᠩ ᠦᠵᠡᠬᠦ ᠬᠦᠰᠡᠯ ᠴᠦ ᠦᠷᠭᠦᠯᠵᠢᠯᠡᠨ ᠳᠡᠭᠡᠭᠰᠢᠯᠡᠵᠦ ᠪᠠᠶᠢᠨ᠎ᠠ᠃ ᠰᠢᠨ᠎ᠡ ᠭᠡᠷ ᠪᠠᠶᠢᠰᠢᠩ ᠬᠤᠳᠠᠯᠳᠤᠨ ᠠᠪᠬᠤ ᠳᠤ ᠪᠠᠶᠢᠳᠠᠯ ᠢ ᠬᠠᠷᠠᠬᠤ ᠣᠪᠣᠷ ᠲᠠᠢ ᠭᠡᠷ ᠪᠠᠶᠢᠰᠢᠩ ᠬᠤᠳᠠᠯᠳᠤᠨ ᠠᠪᠤᠭᠴᠢᠳ ᠴᠤ ᠠᠰᠠᠷ ᠬᠤᠳᠠᠯᠳᠤᠬᠤ ᠭᠠᠵᠠᠷ ᠲᠤ ᠤᠳᠠᠰᠤ ᠢᠷᠡᠭᠦᠯᠵᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠭᠰᠠᠨ ᠤ ᠳᠠᠷᠠᠭ᠎ᠠ ᠬᠡᠳᠦᠢ ᠵᠣᠭᠤᠰ ᠠᠷᠪᠢᠯᠠᠵᠤ ᠪᠣᠯᠬᠤ ᠶᠢ ᠯᠠᠪᠯᠠᠨ ᠠᠰᠠᠭᠤᠵᠤ᠂ ᠪᠣᠳᠠᠲᠠᠢ ᠭᠠᠵᠠᠷ ᠲᠤᠨᠢ ᠭᠡᠷ ᠪᠠᠶᠢᠰᠢᠩ ᠦᠵᠡᠬᠦ ᠰᠠᠭᠤᠭᠠᠯᠢ ᠠᠷᠠᠳ ᠴᠤ ᠡᠳᠦᠢ ᠲᠡᠳᠦᠢ ᠨᠡᠮᠡᠭᠳᠡᠵᠡᠢ᠃       ᠪᠡᠭᠡᠵᠢᠩ ᠤᠨ ᠯᠢᠶᠠᠨ ᠵᠢᠶᠠ ᠶᠠ ᠤᠤ ᠭᠡᠷ᠎ᠡ ᠲᠣᠭᠲᠠᠬᠤ ᠦᠢᠯᠡᠴᠢᠯᠡᠭᠡᠨ ᠤ ᠲᠥᠪ ᠤᠨ ᠵᠥᠪᠯᠡᠭᠴᠢ ᠵᠠᠩ ᠹᠠᠨ ᠲᠠᠨᠢᠯᠴᠠᠭᠤᠯᠬᠤ ᠳᠠᠭᠠᠨ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠰᠠᠷ᠎ᠠ ᠶᠢᠨ ᠬᠠᠩᠭᠠᠯᠭ᠎ᠠ ᠵᠣᠬᠢᠴᠠᠩᠭᠤᠢ ᠪᠠᠷ ᠪᠠᠭᠠᠰᠴᠤ᠂ ᠭᠡᠷ ᠪᠠᠶᠢᠰᠢᠩ ᠬᠤᠳᠠᠯᠳᠤᠨ ᠠᠪᠬᠤ ᠥᠪᠡᠷ ᠤᠨ ᠥᠷᠲᠡᠭ ᠴᠦ ᠤᠯᠠᠮ ᠨᠢᠭᠡ ᠠᠯᠬᠤᠮ ᠪᠠᠭᠤᠷᠠᠪᠠ᠃ ᠠᠩᠬᠠᠨ ᠤ ᠢᠵᠢ ᠵᠢᠭᠡᠯᠡᠯᠭᠡ 100 ᠲᠦᠮᠡᠨ ᠲᠥᠭᠦᠷᠢᠭ᠂ ᠵᠢᠭᠡᠯᠡᠯᠭᠡ ᠶᠢᠨ ᠬᠤᠭᠤᠴᠠᠭ᠎ᠠ ᠨᠢ 30 ᠵᠢᠯ ᠢᠶᠠᠷ ᠵᠢᠱᠢᠶᠡᠯᠡᠬᠦ ᠳᠤ᠂ ᠬᠡᠷᠪᠡ ᠴᠢᠯᠦᠭᠡᠲᠡᠢ ᠪᠠᠷ ᠵᠣᠭᠤᠰ ᠪᠤᠴᠠᠭᠠᠬᠤ ᠠᠷᠭ᠎ᠠ ᠮᠠᠶ᠋ᠢᠭ ᠢ ᠰᠣᠩᠭᠤᠪᠠᠯ᠂ ᠬᠦᠦ ᠮᠥᠩᠭᠦ ᠶᠢᠨ ᠨᠣᠷᠮ᠎ᠠ ᠳᠤ ᠲᠣᠬᠢᠷᠠᠭᠤᠯᠤᠯᠲᠠ ᠬᠢᠬᠦ ᠠᠴᠠ ᠡᠮᠦᠨᠡᠬᠢ ᠬᠠᠮᠤᠭ ᠤᠨ ᠳᠣᠣᠷ᠎ᠠ ᠵᠣᠭᠤᠰ ᠪᠤᠴᠠᠭᠠᠬᠤ ᠲᠤᠭ᠎ᠠ ᠨᠢ ᠰᠠᠷ᠎ᠠ ᠪᠦᠷᠢ 3680 ᠲᠥᠭᠦᠷᠢᠭ᠂ ᠬᠦᠦ ᠮᠥᠩᠭᠦ ᠶᠢᠨ ᠨᠣᠷᠮ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠠᠮᠤᠭ ᠤᠨ ᠳᠣᠣᠷ᠎ᠠ ᠵᠣᠭᠤᠰ ᠪᠤᠴᠠᠭᠠᠬᠤ ᠲᠤᠭ᠎ᠠ ᠨᠢ ᠰᠠᠷ᠎ᠠ ᠪᠦᠷᠢ 3528 ᠲᠥᠭᠦᠷᠢᠭ ᠪᠠᠶᠢᠵᠤ᠂ 152 ᠲᠥᠭᠦᠷᠢᠭ ᠬᠠᠰᠤᠭᠳᠠᠵᠤ᠂ ᠬᠦᠦ ᠮᠥᠩᠭᠦ ᠶᠢᠨ ᠶᠡᠷᠦᠩᠬᠡᠢ ᠵᠠᠷᠤᠯᠭ᠎ᠠ  ᠨᠢ ᠪᠠᠷᠤᠭ 4.76 ᠲᠦᠮᠡᠨ ᠲᠥᠭᠦᠷᠢᠭ ᠬᠠᠰᠤᠭᠳᠠᠨ᠎ᠠ᠃ ᠲᠣᠰ ᠤᠳᠠᠭ᠎ᠠ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠠᠩᠬᠠᠨ ᠤ ᠢᠵᠢ ᠪᠠ ᠬᠤᠶᠠᠳᠤᠭᠠᠷ ᠢᠵᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠨᠢ ᠴᠥᠮ 0.25 ᠵᠠᠭᠤᠨ ᠤ ᠨᠢᠭᠡᠴᠢ ᠬᠠᠰᠤᠭᠳᠠᠬᠤ ᠪᠣᠯᠣᠨ᠎ᠠ᠃ ᠨᠢᠭᠡᠨᠲᠡ ᠲᠠᠷᠬᠠᠭᠠᠭᠰᠠᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠳᠤ 2026 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠦᠦ ᠮᠥᠩᠭᠦ ᠶᠢᠨ ᠨᠣᠷᠮ᠎ᠠ ᠳᠤ ᠠᠶᠠᠨᠳᠠᠭᠠᠨ ᠲᠣᠬᠢᠷᠠᠭᠤᠯᠤᠯᠲᠠ ᠬᠢᠵᠦ᠂ ᠠᠩᠬᠠᠨ ᠤ ᠢᠴᠢ ᠭᠡᠷ ᠪᠠᠶᠢᠰᠢᠩ ᠤᠨ ᠬᠦᠦ ᠮᠥᠩᠭᠦ ᠶᠢᠨ ᠨᠣᠷᠮ᠎ᠠ ᠶᠢ 2.85% ᠪᠠᠶᠢᠭᠰᠠᠨ ᠠᠴᠠ 2.6% ᠪᠣᠯᠭᠠᠨ ᠪᠠᠭᠤᠷᠠᠭᠤᠯᠵᠤ᠂  ᠬᠤᠶᠠᠳᠤᠭᠠᠷ ᠢᠴᠢ ᠭᠡᠷ ᠪᠠᠶᠢᠰᠢᠩ ᠤᠨ ᠵᠢᠭᠡᠯᠡᠭᠡ ᠶᠢᠨ ᠬᠦᠦ ᠮᠥᠩᠭᠦ ᠶᠢᠨ ᠨᠣᠷᠮ᠎ᠠ ᠶᠢ 3.325% ᠪᠠᠶᠢᠭᠰᠠᠨ ᠠᠴᠠ 3.075% ᠪᠣᠯᠭᠠᠨ ᠪᠠᠭᠤᠷᠠᠭᠤᠯᠵᠠᠢ᠂ ᠰᠢᠨ᠎ᠡ ᠪᠠᠷ ᠲᠠᠯᠪᠢᠭᠰᠠᠨ ᠵᠢᠭᠡᠯᠡᠯᠭᠡ ᠳᠤ ᠰᠢᠨ᠎ᠡ ᠬᠦᠦ ᠮᠥᠩᠭᠦ ᠶᠢᠨ ᠨᠣᠷᠮ᠎ᠠ ᠶᠢ ᠰᠢᠭᠤᠳ ᠬᠡᠷᠡᠭᠵᠢᠭᠦᠯᠦᠨ᠎ᠡ ᠭᠡᠵᠡᠢ᠃       ᠵᠦᠩ ᡁᠢ ᠰᠤᠳᠤᠯᠭᠠᠨ ᠤ ᠬᠦᠷᠢᠶᠡᠯᠡᠩ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠶᠡᠷᠦᠩᠬᠡᠢ ᠬᠢᠨᠠᠭᠴᠢ ᠴᠧᠨ ᠸᠧᠨ ᠵᠢᠩ ᠤᠨ ᠦᠵᠡᠬᠦ ᠪᠠᠷ᠂ ᠲᠣᠰ ᠤᠳᠠᠭᠠᠨ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠲᠤᠷᠤᠭᠰᠢᠯᠠᠭᠤᠯᠤᠭᠰᠠᠨ ᠠᠴᠠ ᠰᠠᠭᠤᠭᠠᠯᠢ ᠠᠷᠠᠳ ᠤᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠵᠠᠷᠤᠯᠭ᠎ᠠ ᠶᠢ ᠵᠢᠯ ᠪᠦᠷᠢ 200 ᠳ᠋ᠦᠩᠰᠢᠭᠤᠷ ᠲᠥᠭᠦᠷᠢᠭ ᠠᠴᠠ ᠳᠡᠭᠡᠭᠰᠢ ᠠᠷᠪᠢᠯᠠᠬᠤ ᠪᠣᠯᠣᠨ᠎ᠠ᠂ ᠡᠨᠡ ᠨᠢ ᠰᠠᠭᠤᠭᠠᠯᠢ ᠠᠷᠠᠳ ᠤᠨ ᠵᠠᠶᠢᠯᠠᠰᠢ ᠦᠭᠡᠢ ᠴᠢᠨᠠᠷᠳᠠᠢ ᠤᠷᠤᠨ ᠰᠠᠭᠤᠴᠠ ᠶᠢᠨ ᠬᠡᠷᠡᠭᠴᠡᠭᠡ ᠶᠢ ᠲᠡᠮᠵᠢᠬᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠭ᠎ᠠ ᠲᠠᠯᠭᠡᠭᠦᠷ ᠢ ᠤᠯᠠᠨ ᠨᠢᠭᠡ ᠠᠯᠬᠤᠮ ᠲᠤᠭᠳᠠᠪᠦᠷᠢᠵᠢᠭᠤᠯᠬᠤ ᠪᠠᠶᠢᠳᠠᠯ ᠢ ᠪᠠᠬᠢᠵᠢᠭᠦᠯᠬᠦ ᠳᠤ ᠠᠰᠢᠭᠳᠠᠢ ᠭᠡᠵᠡᠢ᠃       ᠭᠡᠷ ᠪᠠᠶᠢᠰᠢᠩ ᠭᠠᠵᠠᠷ ᠬᠥᠷᠥᠩᠭᠡ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ  ᠠᠴᠠ ᠭᠠᠳᠠᠨ᠎ᠠ᠂ ᠮᠠᠨ ᠤ ᠤᠯᠤᠰ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠲᠠᠢ ᠵᠣᠬᠢᠴᠠᠯᠳᠤᠭᠰᠠᠨ ᠠᠯᠢ ᠣᠯᠠᠨ ᠪᠡᠯᠡ ᠲᠣᠬᠢᠷᠠᠭᠤᠯᠭ᠎ᠠ ᠶᠢᠨ ᠳᠦᠷᠢᠮ ᠢ ᠲᠦᠷᠭᠡᠪᠴᠢᠯᠡᠨ ᠨᠡᠶᠢᠲᠡᠯᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠦᠷᠭᠦᠯᠵᠢᠯᠡᠨ ᠪᠠᠬᠢᠵᠢᠭᠦᠯᠵᠦ ᠪᠠᠶᠢᠨ᠎ᠠ᠃ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠮᠠᠨ ᠤ ᠤᠯᠤᠰ ᠣᠲᠣ ᠶᠠᠭ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠢᠶᠠᠷ ᠠᠬᠢᠭᠤᠯᠵᠤ᠂ ᠪᠠᠲᠤᠯᠠᠭᠠᠲᠤ ᠲᠤᠰᠢᠶᠠᠬᠤ ᠣᠷᠣᠨ ᠰᠠᠭᠤᠴᠠ ᠶᠢᠨ ᠪᠤᠭᠤᠮᠳᠠ ᠰᠢᠪᠳᠤᠯᠬᠤ ᠠᠵᠢᠯ ᠢ ᠶᠡᠬᠡᠪᠡᠷ ᠲᠡᠮᠵᠢᠨ᠎ᠠ᠃ ᠣᠳᠣᠬᠠᠨ ᠳᠤ᠂ ᠬᠤᠳᠠᠯᠳᠤᠭᠠᠨ ᠤ ᠪᠠᠩᠬᠢ ᠶᠢᠨ ᠬᠢᠨᠠᠨ ᠵᠥᠪᠰᠢᠶᠡᠷᠡᠵᠦ ᠪᠠᠲᠤᠯᠠᠭᠰᠠᠨ ︽ᠴᠠᠭᠠᠨ ᠨᠡᠷᠡᠰ ︾ ᠤᠨ ᠵᠢᠭᠡᠯᠡᠯᠭᠡ 6.7 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 1600 ᠭᠠᠷᠤᠢ ᠲᠦᠮᠡᠨ ᠢᠵᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠲᠤᠰᠢᠶᠠᠨ ᠥᠭᠬᠦ ᠶᠢ ᠲᠡᠮᠵᠢᠵᠤ᠂ ᠥᠷᠭᠡᠨ ᠤᠯᠠᠨ ᠭᠡᠷ ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠦᠴᠦᠲᠡᠢ ᠪᠠᠲᠤᠯᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠠᠬᠢᠨ ᠲᠣᠭᠲᠠᠪᠤᠷᠢᠵᠢᠭᠤᠯᠬᠤ ᠳᠤ ᠴᠢᠬᠤᠯᠠ ᠲᠦᠰᠢᠭ ᠲᠤᠯᠭᠠᠭᠤᠷᠢ ᠬᠠᠩᠭᠠᠭᠰᠠᠨ ᠪᠠᠶᠢᠨ᠎ᠠ᠃       ᠣᠳᠣᠬᠠᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠤ ᠦᠷᠭᠦᠯᠵᠢᠯᠡᠨ ᠢᠳᠡᠪᠬᠢᠲᠡᠢ ᠬᠤᠪᠢᠷᠠᠯᠲᠠ ᠭᠠᠷᠴᠤ ᠪᠠᠶᠢᠨ᠎ᠠ᠂ ᠡᠨᠡ ᠨᠢ ᠢᠳᠡᠭᠡᠮᠵᠢᠳᠦ ᠵᠢᠭᠡᠯᠡᠯᠭᠡ ᠶᠢᠨ ᠲᠤᠭ᠎ᠠ ᠪᠠᠷᠢᠮᠲᠠ ᠶᠢᠨ ᠲᠠᠯ᠎ᠠ ᠪᠠᠷ ᠡᠳᠦᠢ ᠲᠡᠳᠦᠢ ᠢᠯᠡᠷᠡᠵᠦ ᠪᠠᠶᠢᠨ᠎ᠠ᠃ ᠡᠨᠡ ᠵᠢᠯ ᠤᠨ ᠨᠢᠭᠡᠳᠦᠭᠡᠷ ᠤᠯᠠᠷᠢᠯ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ 7500 ᠭᠠᠷᠤᠢ ᠳ᠋ᠦᠩᠰᠢᠭᠤᠷ ᠲᠥᠭᠦᠷᠢᠭ ᠨᠡᠮᠡᠭᠳᠡᠵᠡᠢ᠂ ᠡᠭᠦᠨ ᠳᠤ ᠰᠢᠨ᠎ᠡ ᠪᠠᠷ ᠨᠡᠮᠡᠭᠳᠡᠭᠰᠡᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ 2022 ᠣᠨ ᠠᠴᠠ ᠨᠠᠰᠢᠬᠢ ᠲᠠᠩ ᠤᠯᠠᠷᠢᠯ ᠤᠨ ᠬᠠᠮᠤᠭ ᠤᠨ ᠶᠡᠭᠡ ᠨᠡᠮᠡᠭᠳᠡᠯ ᠤᠨ ᠬᠡᠮᠵᠢᠶ᠎ᠡ ᠶᠢ ᠡᠭᠦᠳᠴᠦ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠵᠢᠭᠡᠯᠡᠯᠭᠡ ᠠᠳᠠᠯᠢ ᠬᠤᠭᠤᠴᠠᠭᠠᠨ ᠤ ᠬᠢ ᠠᠴᠠ 28% ᠪᠠᠷ ᠨᠡᠮᠡᠭᠳᠡᠵᠡᠢ᠃ ᠢᠷᠡᠯᠲᠡ᠄ ᠠᠵᠤ ᠠᠬᠤᠢ ᠶᠢᠨ ᠡᠳᠦᠷ ᠤᠨ ᠰᠣᠨᠢᠨ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1