ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠴᠡᠭᠴᠡᠯᠡᠨ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠦᠶ᠎ᠡ
ᠨᠡᠶᠢᠲᠡᠯᠡᠭᠰᠡᠨ ᠴᠠᠭ᠄
2025/6/5
      ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠪᠣᠯ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠵᠠᠩᠭᠢᠯᠠᠭ᠎ᠠ ᠶᠢᠨ ᠭᠠᠷᠳᠠᠴᠠ ᠪᠣᠯᠬᠤ ᠪᠥᠭᠡᠳ ᠪᠠᠰᠠ ᠴᠤ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠬᠥᠭᠵᠢᠭᠡᠬᠦ᠂ ᠨᠡᠶᠢᠭᠡᠮ ᠤᠨ ᠨᠢᠭᠲᠠᠷᠠᠯ ᠤᠨ ᠬᠦᠴᠦᠨ ᠢ ᠴᠢᠩᠭᠠᠷᠠᠭᠤᠯᠬᠤ ᠴᠢᠬᠤᠯᠠ ᠬᠥᠳᠡᠯᠭᠡᠭᠦᠷ ᠪᠣᠯᠣᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠪᠦᠬᠦ ᠤᠯᠤᠰ ᠲᠤ ᠨᠡᠶᠢᠳᠡ 28 ᠲᠦᠮᠡᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠠᠵᠢᠯ ᠡᠬᠢᠯᠡᠭᠦᠯᠦᠨ ᠥᠭᠡᠷᠡᠴᠢᠯᠡᠨ ᠪᠠᠶᠢᠭᠤᠯᠵᠤ᠂ 1.2 ᠳ᠋ᠦᠩᠰᠢᠭᠤᠷ ᠭᠠᠷᠤᠢ ᠰᠠᠭᠤᠭᠠᠯᠢ ᠠᠷᠠᠳ ᠲᠤ ᠠᠰᠢᠭ ᠬᠦᠷᠲᠡᠭᠡᠪᠡ᠃ ᠣᠶᠢᠷ᠎ᠠ ᠳᠤ᠂ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ ᠡᠯ᠎ᠡ ᠭᠠᠵᠠᠷ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠴᠡᠭᠴᠡᠯᠡᠨ ᠥᠭᠡᠷᠡᠴᠢᠯᠡᠬᠦ ᠳᠤ ᠭᠤᠣᠯᠳᠠᠯᠭ᠎ᠠ ᠲᠠᠢ ᠠᠭᠤᠯᠭ᠎ᠠ ᠪᠠ ᠠᠵᠢᠯᠯᠠᠭᠠᠨ ᠤ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠪᠠᠶᠢᠨ᠎ᠠ᠃         ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠲᠥᠬᠦᠭᠡᠷᠦᠮᠵᠢ ᠪᠠ ᠣᠷᠣᠨ ᠰᠠᠭᠤᠴᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠰᠠᠭᠤᠷᠢ ᠲᠥᠬᠦᠭᠡᠷᠦᠮᠵᠢ ᠬᠠᠭᠤᠴᠢᠷᠠᠵᠤ᠂ ᠪᠦᠲᠦᠴᠡ ᠶᠢᠨ ᠠᠮᠤᠷ ᠲᠦᠪᠰᠢᠨ ᠤ ᠬᠡᠮ ᠰᠣᠭᠤᠭ ᠵᠡᠷᠭᠡ ᠠᠰᠠᠭᠤᠳᠠᠯ ᠨᠡᠶᠢᠳᠡᠮ ᠣᠷᠣᠰᠢᠵᠤ ᠪᠠᠶᠢᠨ᠎ᠠ᠃ ︽ᠰᠠᠨᠠᠯ︾ ᠳᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠪᠠᠷ ᠤᠳᠤᠷᠢᠳᠤᠮᠵᠢ ᠪᠣᠯᠭᠠᠵᠤ᠂ ᠣᠯᠠᠨ ᠲᠠᠯ᠎ᠠ ᠠᠴᠠ ᠴᠡᠭᠴᠡᠯᠡᠨ ᠵᠠᠰᠠᠬᠤ ᠶᠢ ᠥᠷᠨᠢᠭᠦᠯᠵᠦ᠂ ︽ᠠᠰᠠᠷ ᠤᠨ ᠬᠤᠩᠭᠢᠯ ᠤᠨ ᠦᠭᠡᠷᠡᠴᠢᠯᠡᠯᠳᠡ︾ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠨᠢᠭᠡ ᠳᠤ᠂ ᠲᠥᠬᠦᠭᠡᠷᠦᠮᠵᠢ ᠪᠣᠯᠣᠨ ᠤᠯᠠᠨ ᠨᠡᠶᠢᠲᠡ ᠶᠢᠨ ᠣᠷᠣᠨ ᠵᠠᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ᠠᠮᠤᠷ ᠲᠦᠪᠰᠢᠨ ᠤ ᠬᠡᠮ ᠰᠣᠭᠤᠭ ᠤᠨ ᠣᠷᠣᠨ ᠪᠠᠶᠢᠷᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ︽ᠨᠢᠭᠡ ᠰᠠᠭᠤᠭᠠᠯᠢ ᠠᠷᠠᠳ ᠤᠨ ᠲᠣᠭᠤᠷᠢᠭ ᠲᠤ ᠨᠢᠭᠡ ᠪᠣᠳᠣᠯᠭ᠎ᠠ︾ ᠶᠢ ᠬᠡᠷᠡᠭᠵᠢᠭᠦᠯᠦᠨ᠂ ᠥᠭᠡᠷᠡᠴᠢᠯᠡᠬᠦ ᠠᠭᠤᠯᠭ᠎ᠠ᠂ ᠲᠥᠰᠥᠯ ᠪᠠ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠲᠥᠷᠥᠯ ᠬᠤᠪᠢᠶᠠᠨ ᠲᠣᠭᠲᠠᠭᠠᠵᠤ ᠂ ᠬᠠᠭᠤᠴᠢᠷᠠᠭᠰᠠᠨ ᠪᠠ ᠡᠪᠡᠳᠴᠢᠨ ᠲᠠᠢ ᠠᠵᠢᠯᠯᠠᠭᠠᠨ ᠤ ᠬᠤᠭᠤᠯᠠᠢ ᠤᠳᠠᠰᠤ ᠬᠤᠭᠤᠯᠠᠢ ᠲᠤᠤᠷ ᠢ ᠰᠢᠨᠡᠳᠬᠡᠨ ᠥᠭᠡᠷᠡᠴᠢᠯᠡᠵᠦ᠂ ᠠᠰᠠᠷ ᠤᠨ ᠬᠤᠩᠭᠢᠯ ᠤᠨ ᠲᠤᠳᠤᠷᠠᠬᠢ ᠬᠥᠮᠥᠨ ᠶᠠᠪᠤᠬᠤ ᠵᠠᠮ᠂ ᠣᠲᠤᠭ᠎ᠠ ᠰᠠᠯᠬᠢ ᠭᠠᠳᠠᠭᠰᠢᠯᠠᠭᠤᠯᠬᠤ᠂ ᠰᠠᠯᠬᠢ ᠨᠡᠪᠲᠡᠷᠡᠭᠦᠯᠬᠦ ᠵᠡᠷᠭᠡ ᠶᠢ ᠴᠡᠭᠴᠡᠯᠡᠨ ᠵᠠᠰᠠᠵᠤ᠂ ᠣᠷᠣᠨ ᠰᠠᠭᠤᠴᠠ ᠶᠢᠨ ᠭᠠᠳᠠᠷ ᠬᠡᠷᠡᠮ ᠤᠨ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ ᠥᠷᠨᠢᠭᠦᠯᠵᠦ᠂ ᠣᠯᠠᠨ ᠲᠦᠮᠡᠨ ᠤ ᠳᠡᠷᠭᠡᠳᠡᠬᠢ ᠠᠮᠤᠷ ᠲᠦᠪᠰᠢᠨ ᠤ ᠬᠡᠮ ᠰᠣᠭᠤᠭ ᠢ ᠲᠦᠷᠭᠡᠳᠬᠡᠨ ᠠᠷᠢᠯᠭᠠᠨ᠎ᠠ᠃ ᠬᠤᠶᠠᠷ ᠲᠤ᠂ ᠠᠰᠠᠷ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠶᠡᠬᠡᠪᠡᠷ ᠠᠬᠢᠭᠤᠯᠤᠨ᠎ᠠ᠃ ᠴᠠᠬᠢᠯᠭᠠᠨ ᠱᠠᠲᠤ ᠨᠡᠮᠡᠵᠦ ᠤᠭᠰᠠᠷᠠᠬᠤ ᠪᠣᠯᠣᠮᠵᠢᠲᠤ ᠴᠢᠨᠠᠷ ᠤᠨ ᠦᠨᠡᠯᠡᠨ ᠵᠢᠱᠢᠯᠲᠡ ᠶᠢ ᠥᠷᠨᠢᠭᠦᠯᠵᠦ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠴᠠᠬᠢᠯᠭᠠᠨ ᠱᠠᠲᠤ ᠨᠡᠮᠡᠵᠦ ᠤᠭᠰᠠᠷᠠᠬᠤ ᠲᠥᠰᠥᠯ ᠢ ᠲᠣᠭᠲᠠᠭᠠᠨ᠂ ᠨᠢᠭᠡ ᠨᠢᠭᠡᠴᠢ ᠪᠣᠯᠪᠠᠰᠤᠷᠠᠩᠭᠤᠢ ᠪᠣᠯᠪᠠᠯ᠂ ᠨᠢᠭᠡ ᠴᠠᠬᠢᠯᠭᠠᠨ ᠱᠠᠲᠤ ᠨᠡᠮᠡᠵᠦ ᠤᠭᠰᠠᠷᠠᠬᠤ ᠰᠡᠳᠬᠢᠮᠵᠢ ᠶᠢ ᠪᠠᠷᠢᠮᠲᠠᠯᠠᠵᠤ᠂ ᠵᠠᠰᠠᠭ ᠤᠨ ᠣᠷᠳᠣᠨ ᠠᠴᠠ ᠨᠢᠭᠡ ᠬᠡᠰᠡᠭ ᠲᠤ ᠨᠥᠬᠦᠪᠦᠷᠢ ᠥᠭᠬᠦ᠂ ᠰᠠᠭᠤᠭᠠᠯᠢ ᠠᠷᠠᠳ ᠥᠪᠡᠷ ᠢᠶᠠᠨ ᠨᠢᠭᠡ ᠬᠡᠰᠡᠭ ᠢ ᠴᠤᠭᠯᠠᠭᠤᠯᠬᠤ᠂ ᠨᠡᠶᠢᠭᠡᠮ ᠤᠨ ᠬᠥᠷᠥᠩᠭᠡ ᠨᠢᠭᠡ ᠬᠡᠰᠡᠭ ᠣᠷᠣᠯᠴᠠᠬᠤ ᠠᠷᠭ᠎ᠠ ᠮᠠᠶ᠋ᠢᠭ ᠢ ᠠᠪᠴᠤ᠂ ᠨᠥᠬᠦᠴᠡᠯ ᠲᠠᠢ ᠠᠰᠠᠷ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠳᠡᠮᠵᠢᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠢᠯᠠᠩᠭᠤᠶ᠎ᠠ ᠨᠠᠰᠤᠲᠠᠶᠢᠴᠤᠳ ᠤᠨ ︽ᠠᠰᠠᠷ ᠳᠡᠭᠡᠷ᠎ᠡ ᠭᠠᠷᠬᠤ ᠳᠤ ᠬᠦᠴᠢᠷ︾ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠠᠳᠠᠯᠢ ᠲᠠᠪᠬᠤᠷᠯᠢᠭ ᠤᠨ ᠡᠷᠦᠬᠡ ᠳᠤ ᠣᠷᠣᠬᠤ ᠠᠷᠭ᠎ᠠ ᠮᠠᠶ᠋ᠢᠭ ᠢᠶᠠᠷ ᠴᠠᠬᠢᠯᠭᠠᠨ ᠱᠠᠲᠤ ᠶᠢ ᠨᠡᠮᠡᠵᠦ ᠤᠭᠰᠠᠷᠠᠬᠤ ᠪᠠᠷ ᠴᠢᠷᠮᠠᠶᠢᠵᠤ᠂ ᠰᠠᠭᠠᠳ ᠦᠭᠡᠢ ᠨᠡᠪᠲᠡᠷᠡᠬᠦ ᠡᠴᠦᠰ ᠤᠨ ᠨᠢᠭᠡ ᠮᠧᠲᠷ ᠢ ᠲᠤᠶᠢᠯᠪᠤᠷᠢᠲᠠᠢ ᠨᠡᠪᠲᠡᠷᠡᠭᠦᠯᠬᠦ ᠬᠡᠷᠡᠭᠲᠡᠢ᠃         ᠤᠯᠠᠨ ᠨᠡᠶᠢᠲᠡ ᠶᠢᠨ ᠦᠢᠯᠡᠴᠢᠯᠡᠭᠡᠨ ᠤ ᠢᠵᠢ ᠪᠦᠷᠢᠳᠦᠭᠦᠯᠬᠦ ᠶᠢ ᠳᠡᠭᠡᠭᠰᠢᠯᠡᠭᠦᠯᠵᠦ᠂ ᠪᠦᠬᠦᠯᠢ ᠨᠠᠰᠤᠨ ᠤ ᠨᠥᠬᠦᠷᠰᠡᠭ ᠨᠡᠶᠢᠭᠡᠮ ᠲᠣᠭᠤᠷᠢᠭ ᠢ ᠪᠠᠶᠢᠭᠤᠯᠤᠨ᠎ᠠ᠃ ︽ᠰᠠᠨᠠᠯ︾ ᠳᠤ᠂ ᠰᠠᠭᠤᠭᠠᠯᠢ ᠠᠷᠠᠳ ᠤᠨ ᠲᠣᠭᠤᠷᠢᠭ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠵᠤ᠂ ︽ᠣᠷᠴᠢᠨ ᠲᠣᠭᠤᠷᠢᠨ ᠤ ᠦᠭᠡᠷᠡᠴᠢᠯᠡᠯᠳᠡ︾ ᠶᠢ ᠭᠦᠨᠵᠡᠭᠡᠢ ᠠᠬᠢᠭᠤᠯᠤᠨ᠎ᠠ ᠭᠡᠵᠦ ᠲᠣᠳᠣᠷᠬᠠᠢ ᠳᠤᠷᠠᠳᠤᠨ ᠭᠠᠷᠭᠠᠪᠠ᠃ ᠨᠢᠭᠡ ᠳᠤ᠂ ᠪᠦᠬᠦᠯᠢ ᠴᠣᠭᠴᠠ ᠶᠢᠨ ᠣᠷᠴᠢᠨ ᠠᠬᠤᠢ ᠶᠢᠨ ᠳᠦᠷᠰᠦ ᠪᠠᠶᠢᠳᠠᠯ ᠢ ᠲᠡᠭᠡᠭᠰᠢᠯᠡᠭᠦᠯᠦᠨ᠎ᠡ᠃ ᠰᠠᠭᠤᠭᠠᠯᠢ ᠠᠷᠠᠳ ᠤᠨ ᠲᠣᠭᠤᠷᠢᠭ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠨᠣᠭᠤᠭᠠᠷᠠᠭᠤᠯᠤᠯᠲᠠ ᠦᠵᠡᠮᠵᠢ ᠶᠢ ᠳᠡᠭᠡᠭᠰᠢᠯᠡᠭᠦᠯᠬᠦ᠂ ᠵᠠᠮ ᠤᠨ ᠪᠡᠯᠡᠳᠬᠡᠮᠵᠢ ᠶᠢ ᠥᠭᠡᠷᠡᠴᠢᠯᠡᠬᠦ᠂ ᠲᠣᠭᠲᠠᠭᠠᠯ ᠠᠴᠠ ᠵᠥᠷᠢᠴᠡᠨ ᠪᠠᠶᠢᠭᠤᠯᠵᠤ ᠨᠤᠷᠠᠭᠠᠬᠤ ᠵᠡᠷᠭᠡ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠲᠣᠭᠤᠷᠢᠭ᠂ ᠠᠳᠠᠯ ᠠᠬᠤᠢ᠂ ᠬᠤᠲᠠ ᠶᠢᠨ ᠬᠠᠮᠢᠶᠠᠷᠤᠯᠲᠠ ᠵᠡᠷᠭᠡ ᠶᠢᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠤᠨ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠦᠨ᠎ᠡ᠃ ᠬᠤᠶᠠᠷ ᠲᠤ᠂ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠲᠡᠷᠭᠡ ᠵᠣᠭᠰᠤᠭᠠᠬᠤ᠂ ᠴᠠᠬᠢᠯᠭᠠᠨ ᠴᠡᠨᠡᠭᠯᠡᠬᠦ᠂ ᠬᠤᠭ ᠨᠣᠪᠰᠢ ᠶᠢ ᠲᠥᠷᠥᠯ ᠬᠤᠪᠢᠶᠠᠬᠤ᠂ ᠭᠠᠯ ᠤᠨᠲᠠᠷᠠᠭᠠᠬᠤ᠂ ᠴᠢᠮᠡᠭᠡ ᠬᠤᠯᠪᠣᠭ᠎ᠠ ᠵᠡᠷᠭᠡ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠶᠢ ᠨᠡᠮᠡᠨ ᠪᠠᠶᠢᠭᠤᠯᠵᠤ᠂ ᠨᠠᠰᠤᠵᠢᠯ ᠳᠤ ᠲᠣᠬᠢᠷᠠᠬᠤ ᠪᠠ ᠬᠡᠥᠬᠡᠳᠵᠢᠭᠦᠯᠬᠦ ᠳᠤ ᠲᠣᠬᠢᠷᠠᠬᠤ ᠪᠡᠯᠡᠳᠬᠡᠮᠵᠢ᠂ ᠰᠠᠭᠠᠳ ᠦᠭᠡᠢ ᠪᠡᠯᠡᠳᠬᠡᠮᠵᠢ᠂ ᠠᠮᠤᠷ ᠲᠦᠪᠰᠢᠨ ᠤ ᠰᠡᠷᠭᠡᠶᠢᠯᠡᠯᠲᠡ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ᠂ ᠠᠳᠠᠯ ᠠᠬᠤᠢ ᠳᠤ ᠬᠡᠷᠡᠭᠯᠡᠬᠦ ᠭᠡᠷ ᠪᠠᠶᠢᠰᠢᠩ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠶᠢ ᠥᠭᠡᠷᠡᠴᠢᠯᠡᠬᠦ ᠪᠤᠶᠤ ᠪᠦᠲᠦᠭᠡᠨ ᠪᠠᠶᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠳᠤᠮᠳᠠᠬᠢ ᠲᠡᠷᠭᠡ ᠵᠣᠭᠰᠤᠭᠠᠬᠤ ᠳᠤ ᠬᠦᠴᠢᠷ᠂ ᠴᠠᠬᠢᠯᠭᠠᠨ ᠴᠡᠨᠡᠭᠯᠡᠬᠦ ᠳᠤ ᠬᠦᠴᠢᠷ ᠵᠡᠷᠭᠡ ᠪᠣᠳᠠᠲᠠᠢ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠭᠤᠷᠪᠠ ᠳᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠤᠨ᠎ᠠ᠃ ᠬᠥᠷᠰᠢ ᠵᠡᠷᠭᠡᠯᠡᠳᠡᠭᠡ ᠰᠠᠭᠤᠭᠠᠯᠢ ᠠᠷᠠᠳ ᠤᠨ ᠲᠣᠭᠤᠷᠢᠭ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠬᠤᠯᠪᠤᠭᠠᠯᠠᠨ ᠬᠥᠳᠡᠯᠦᠯᠴᠡᠵᠦ ᠥᠭᠡᠷᠡᠴᠢᠯᠡᠬᠦ ᠶᠢ ᠠᠬᠢᠭᠤᠯᠵᠤ᠂ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ᠂ ᠬᠤᠭᠤᠯᠠ ᠤᠮᠳᠠ᠂ ᠭᠡᠷ ᠤᠨ ᠶᠠᠪᠤᠳᠠᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠨᠢᠭᠡᠳᠦᠯᠲᠡᠢ ᠲᠥᠯᠥᠪᠯᠡᠨ ᠨᠡᠮᠡᠨ ᠪᠠᠶᠢᠭᠤᠯᠵᠤ᠂ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠥᠭᠡᠷᠡᠴᠢᠯᠡᠯᠲᠡ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ︽ᠨᠢᠭᠡ ᠨᠠᠰᠤᠲᠠᠨ ᠨᠢᠭᠡ ᠨᠢᠯᠬᠠᠰ︾ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠰᠠᠭᠤᠭᠠᠯᠢ ᠠᠷᠠᠳ ᠤᠨ ᠠᠮᠢᠳᠤᠷᠠᠯ ᠤᠨ ᠳᠥᠭᠦᠮ ᠳᠥᠲᠡ ᠴᠢᠨᠠᠷ ᠪᠠ ᠲᠠᠭᠠᠯᠠᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃         ᠤᠯᠠᠮᠵᠢᠯᠠᠯᠲᠤ ᠳᠦᠷᠰᠦ ᠪᠠᠶᠢᠳᠠᠯ ᠢ ᠬᠠᠳᠠᠭᠠᠯᠠᠵᠤ᠂ ᠰᠣᠶᠣᠯ ᠤᠨ ᠥᠪ ᠤᠨ ᠦᠨ᠎ᠡ ᠦᠷᠳᠡᠭ ᠢ ᠠᠮᠢᠯᠠᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠴᠦᠩᠴᠢᠩ ᠤᠨ ᠵᠢᠦ ᠯᠦᠩ ᠫᠦᠸᠧ ᠲᠣᠭᠤᠷᠢᠭ ᠤᠨ ᠠᠷᠠᠳᠴᠢᠯᠠᠯ ᠲᠣᠰᠬᠤᠨ ᠤ ᠨᠡᠶᠢᠭᠡᠮ ᠲᠣᠭᠤᠷᠢᠭ ᠲᠤ ᠰᠢᠨᠵᠢᠯᠡᠨ ᠪᠠᠶᠢᠴᠠᠭᠠᠬᠤ ᠳᠠᠭᠠᠨ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠳᠤ ᠲᠡᠦᠬᠡ ᠶᠢᠨ ᠳᠤᠷᠠᠰᠤᠮᠵᠢ ᠪᠠ ᠥᠪᠡᠷᠮᠢᠴᠡ ᠣᠨᠴᠠᠯᠢᠭ ᠲᠠᠢ ᠳᠦᠷᠰᠦ ᠪᠠᠶᠢᠳᠠᠯ ᠢ ᠦᠯᠡᠳᠡᠭᠡᠬᠦ ᠬᠡᠷᠡᠭᠲᠡᠢ ᠮᠥᠷᠲᠡᠭᠡᠨ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ︽ᠰᠠᠨᠠᠯ︾ ᠳᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠳᠤ ᠵᠥᠪᠬᠡᠨ ᠪᠣᠳᠠᠰ ᠤᠨ ᠣᠷᠣᠨ ᠵᠠᠢ ᠶᠢ ᠰᠢᠨᠡᠴᠢᠯᠡᠬᠦ ᠶᠢ ᠪᠣᠳᠣᠯᠬᠢᠯᠠᠵᠤ ᠪᠣᠯᠬᠤ ᠦᠭᠡᠢ᠂ ᠬᠠᠷᠢᠨ ᠭᠦᠨ ᠵᠤᠵᠠᠭᠠᠨ ᠰᠣᠶᠣᠯ ᠤᠨ ᠠᠭᠤᠯᠬᠤᠨ ᠪᠠ ᠥᠪᠡᠷᠮᠢᠴᠡ ᠣᠷᠣᠨ ᠪᠦᠰᠡ ᠶᠢᠨ ᠣᠨᠴᠠᠯᠢᠭ ᠲᠠᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ᠃ ᠨᠢᠭᠡ ᠳᠤ᠂ ᠤᠯᠠᠮᠵᠢᠯᠠᠯᠲᠤ ᠥᠩᠭᠡ ᠦᠵᠡᠮᠵᠢ ᠶᠢ ᠬᠠᠮᠠᠭᠠᠯᠠᠨ᠎ᠠ᠃ ᠪᠠᠷᠢᠯᠭ᠎ᠠ ᠶᠢᠨ ᠭᠠᠳᠠᠷ ᠲᠠᠯ᠎ᠠ ᠶᠢ ᠥᠭᠡᠷᠡᠴᠢᠯᠡᠬᠦ᠂ ᠦᠵᠡᠮᠵᠢ ᠶᠢ ᠵᠢᠷᠤᠭᠯᠠᠨ ᠲᠥᠯᠥᠪᠯᠡᠬᠦ ᠵᠡᠷᠭᠡ ᠲᠠᠯ᠎ᠠ ᠪᠠᠷ᠂ ᠤᠯᠠᠮᠵᠢᠯᠠᠯᠲᠤ ᠦᠵᠡᠮᠵᠢ ᠪᠠ ᠵᠡᠭᠡᠯᠢ ᠭᠤᠳᠤᠮᠵᠢ ᠶᠢᠨ ᠪᠠᠶᠢᠷᠢᠰᠢᠯ ᠢ ᠠᠯᠢ ᠴᠢᠳᠠᠬᠤ ᠪᠠᠷ ᠦᠯᠡᠳᠡᠭᠡᠬᠦ ᠪᠠ ᠵᠠᠰᠠᠨ ᠰᠡᠷᠭᠦᠭᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠲᠡᠦᠬᠡ ᠶᠢᠨ ᠬᠡᠪ ᠨᠠᠮᠪᠠ ᠲᠠᠢ ᠨᠢᠭᠡᠳᠦᠯᠲᠡᠢ ᠥᠩᠭᠡ ᠪᠤᠳᠤᠭ᠂ ᠮᠠᠲ᠋ᠧᠷᠢᠶᠠᠯ ᠤᠨ ᠴᠢᠨᠠᠷ ᠪᠠ ᠴᠢᠮᠡᠭᠯᠡᠯ ᠤᠨ ᠡᠯᠧᠮᠧᠨ᠋ᠲ ᠢ ᠬᠡᠷᠡᠭᠯᠡᠨ᠂ ᠭᠠᠵᠠᠷ ᠣᠷᠣᠨ ᠤ ᠣᠨᠴᠠᠯᠢᠭ ᠲᠠᠢ ᠨᠡᠶᠢᠭᠡᠮ ᠲᠣᠭᠤᠷᠢᠭ ᠤᠨ ᠦᠵᠡᠮᠵᠢ ᠶᠢ ᠪᠣᠶ ᠪᠣᠯᠭᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠠᠮᠢᠵᠢᠷᠠᠯ ᠤᠨ ᠬᠦᠴᠦᠨ ᠲᠠᠢ ᠪᠣᠯᠭᠠᠬᠤ ᠶᠢᠨ ᠬᠠᠮᠲᠤ᠂ ᠬᠤᠲᠠ ᠶᠢᠨ ᠲᠡᠦᠬᠡ ᠰᠣᠶᠣᠯ ᠤᠨ ᠰᠤᠳᠠᠰᠤ ᠶᠢ ᠤᠯᠠᠮᠵᠢᠯᠠᠨ ᠵᠠᠯᠭᠠᠮᠵᠢᠯᠠᠵᠤ᠂ ᠰᠠᠭᠤᠭᠠᠯᠢ ᠠᠷᠠᠳ ᠤᠨ ᠬᠠᠭᠤᠴᠢᠨ ᠰᠠᠭᠤᠴᠠ ᠨᠤᠲᠤᠭ ᠤᠨ ᠮᠥᠷᠥᠭᠡᠳᠦᠯ ᠢ ᠦᠷᠭᠦᠯᠵᠢᠯᠡᠭᠦᠯᠦᠨ᠎ᠡ᠃ ᠬᠤᠶᠠᠷ ᠲᠤ᠂ ᠰᠣᠶᠣᠯ ᠤᠨ ᠥᠪ ᠤᠨ ᠦᠨ᠎ᠡ ᠦᠷᠲᠡᠭ ᠢ ᠠᠭᠤᠳᠠᠯᠤᠨ᠎ᠠ᠃ ᠰᠠᠭᠤᠭᠠᠯᠢ ᠠᠷᠠᠳ ᠤᠨ ᠲᠣᠭᠤᠷᠢᠭ ᠤᠨ ᠲᠡᠦᠬᠡ ᠰᠣᠶᠣᠯ ᠤᠨ ᠦᠨ᠎ᠡ ᠥᠷᠲᠡᠭ ᠲᠠᠢ ᠪᠠᠷᠢᠯᠭ᠎ᠠ᠂ ᠦᠯᠡᠳᠡᠭᠳᠡᠯ ᠢ ᠪᠦᠬᠦ ᠲᠠᠯ᠎ᠠ ᠪᠠᠷ ᠡᠮᠬᠢᠯᠡᠵᠦ᠂ ᠠᠷᠠᠳ ᠤᠨ ᠵᠠᠩ ᠦᠶᠯᠡ᠂ ᠤᠯᠠᠮᠵᠢᠯᠠᠯᠲᠤ ᠭᠠᠷ ᠤᠷᠠᠯᠠᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠦᠨ᠎ᠡ ᠥᠷᠲᠡᠭ ᠵᠢᠴᠢ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠶᠡᠷᠦᠩᠬᠡᠶᠢᠯᠡᠭᠰᠡᠨ ᠴᠢᠨᠠᠷᠲᠠᠢ ᠬᠠᠮᠠᠭᠠᠯᠠᠬᠤ᠂ ᠰᠡᠯᠪᠢᠨ ᠵᠠᠰᠠᠬᠤ᠂ ᠥᠭᠡᠷᠡᠴᠢᠯᠡᠬᠦ ᠲᠥᠰᠥᠯ ᠢ ᠲᠣᠭᠲᠠᠭᠠᠨ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠪᠠ ᠬᠤᠲᠠ ᠬᠥᠳᠡᠭᠡ ᠶᠢᠨ ᠲᠡᠦᠬᠡ ᠰᠣᠶᠣᠯ ᠤᠨ ᠬᠠᠮᠠᠭᠠᠯᠠᠯᠲᠠ ᠶᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ᠂ ᠪᠡᠯᠡᠳᠬᠡᠮᠵᠢ ᠶᠢᠨ ᠨᠥᠬᠦᠴᠡᠯ᠂ ᠦᠢᠯᠡᠴᠢᠯᠡᠭᠡᠨ ᠤ ᠴᠢᠳᠠᠮᠵᠢ ᠪᠠ ᠰᠣᠶᠣᠯ ᠤᠨ ᠦᠨ᠎ᠡ ᠥᠷᠲᠡᠭ ᠢ ᠦᠷᠭᠦᠯᠵᠢᠯᠡᠨ ᠳᠡᠭᠡᠭᠰᠢᠯᠡᠭᠦᠯᠦᠨ᠎ᠡ᠃         ᠤᠷᠳᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠦᠷᠭᠦᠯᠵᠢᠯᠡᠬᠦ ᠵᠠᠰᠠᠯᠲᠠ ᠶᠢ ᠪᠡᠶᠡᠯᠡᠭᠦᠯᠦᠨ᠎ᠡ᠃ ︽ᠬᠠᠮᠢᠶᠠᠷᠤᠯᠲᠠ ᠶᠢᠨ ᠦᠭᠡᠷᠡᠴᠢᠯᠡᠯᠳᠡ︾ ᠶᠢ ᠯᠠᠪᠳᠠᠭᠤᠨ ᠢᠶᠠᠷ ᠠᠬᠢᠭᠤᠯᠵᠤ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ᠂ ᠰᠠᠭᠤᠭᠠᠯᠢ ᠠᠷᠠᠳ ᠣᠷᠣᠯᠴᠠᠬᠤ᠂ ᠠᠰᠠᠷᠠᠨ ᠲᠡᠵᠢᠭᠡᠵᠦ ᠬᠠᠮᠢᠶᠠᠷᠤᠨ ᠬᠠᠮᠠᠭᠠᠯᠠᠬᠤ ᠵᠡᠷᠭᠡ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠹᠢᠽᠢᠺ ᠤᠨ ︽ᠬᠠᠲᠠᠭᠤ ᠲᠣᠨᠤᠭ︾ ᠪᠠ ᠵᠠᠰᠠᠬᠤ ︽ᠵᠥᠭᠡᠯᠡᠨ ᠲᠣᠨᠤᠭ︾ ᠢ ᠵᠡᠷᠭᠡ ᠪᠠᠷ ᠲᠠᠰ ᠳᠡᠪᠰᠢᠭᠦᠯᠬᠦ ᠶᠢ ᠪᠡᠶᠡᠯᠡᠭᠦᠯᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠨ ᠪᠠᠶᠢᠭᠤᠯᠤᠭᠰᠠᠨ ᠦᠷ᠎ᠡ ᠪᠦᠲᠦᠭᠡᠯ ᠢ ᠬᠠᠮᠠᠭᠠᠯᠠᠨ᠎ᠠ᠃ ᠨᠢᠭᠡ ᠳᠤ᠂ ᠥᠭᠡᠷᠡᠴᠢᠯᠡᠯᠲᠡ ᠶᠢᠨ ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠳᠠ ᠶᠢ ᠴᠢᠩᠭᠠᠳᠬᠠᠨ᠎ᠠ᠃ ᠪᠠᠷᠢᠯᠭ᠎ᠠ ᠳᠤ ᠣᠷᠣᠯᠴᠠᠭᠰᠠᠨ ᠡᠯ᠎ᠡ ᠲᠠᠯ᠎ᠠ ᠶᠢᠨ ᠪᠠᠷᠢᠯᠭ᠎ᠠ ᠶᠢᠨ ᠶᠠᠰᠤ ᠴᠢᠨᠠᠷ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠷᠠᠭᠤᠯᠤᠨ᠂ ᠠᠶᠦᠯᠭᠦᠢ ᠦᠢᠯᠡᠳᠪᠦᠷᠢᠯᠡᠯ ᠤᠨ ᠠᠳᠡᠯ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠪᠠᠷᠢᠯᠭ᠎ᠠ ᠶᠢᠨ ᠵᠢᠷᠤᠭᠯᠠᠨ ᠲᠥᠯᠥᠪᠯᠡᠬᠦ᠂ ᠬᠤᠳᠠᠯᠳᠤᠨ ᠠᠪᠬᠤ᠂ ᠪᠠᠷᠢᠯᠭ᠎ᠠ ᠪᠠᠷᠢᠬᠤ᠂ ᠰᠢᠯᠭᠠᠨ ᠠᠪᠬᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠵᠢᠷᠤᠭ ᠲᠥᠯᠥᠪᠯᠡᠭᠡ ᠬᠢᠬᠦ ᠪᠠ ᠪᠠᠷᠢᠯᠭ᠎ᠠ ᠪᠠᠷᠢᠬᠤ ᠲᠥᠰᠥᠯ ᠢ ᠵᠦᠢ ᠵᠣᠬᠢᠰᠲᠠᠢ ᠲᠣᠭᠲᠠᠭᠠᠵᠤ᠂ ᠵᠢᠷᠤᠮᠵᠢᠯ ᠢ ᠴᠢᠩᠭ᠎ᠠ ᠵᠢᠷᠤᠮᠯᠠᠨ ᠪᠠᠷᠢᠯᠭ᠎ᠠ ᠪᠠᠷᠢᠵᠤ᠂ ᠰᠠᠭᠤᠭᠠᠯᠢ ᠠᠷᠠᠳ ᠤᠨ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠬᠤᠶᠠᠷ ᠲᠤ ᠂ ᠰᠠᠭᠤᠭᠠᠯᠢ ᠠᠷᠠᠳ ᠤᠨ ᠣᠷᠣᠯᠴᠠᠬᠤ ᠶᠢ ᠬᠥᠲᠥᠯᠥᠨ ᠵᠢᠯᠤᠭᠤᠳᠬᠤ ᠶᠢ ᠴᠢᠬᠤᠯᠠᠴᠢᠯᠠᠨ᠎ᠠ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠤᠯᠠᠨ ᠡᠰᠢᠴᠢᠯᠡᠨ ᠣᠷᠣᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠡᠷᠡᠭ ᠵᠥᠪᠯᠡᠬᠦ ᠲᠠᠪᠴᠠᠩ ᠢ ᠪᠠᠶᠢᠭᠤᠯᠵᠤ᠂ ᠲᠥᠰᠥᠯ ᠲᠣᠭᠲᠠᠭᠠᠬᠤ᠂ ᠪᠠᠷᠢᠯᠭ᠎ᠠ ᠶᠢᠨ ᠠᠵᠢᠯ ᠳᠤ ᠬᠢᠨᠠᠯᠲᠠ ᠲᠠᠯᠪᠢᠬᠤ ᠪᠠ ᠦᠷ᠎ᠡ ᠪᠦᠲᠦᠮᠵᠢ ᠶᠢ ᠦᠨᠡᠯᠡᠬᠦ ᠪᠦᠬᠦ ᠶᠠᠪᠤᠴᠠ ᠳᠠᠬᠢ ᠰᠠᠭᠤᠭᠠᠯᠢ ᠠᠷᠠᠳ ᠤᠨ ᠢᠳᠡᠪᠬᠢ ᠦᠢᠯᠡᠳᠦᠯ ᠢ ᠪᠠᠳᠠᠷᠠᠭᠤᠯᠤᠨ᠎ᠠ᠃ ᠥᠮᠴᠢᠲᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠠᠶᠢᠭᠤᠯᠬᠤ ᠶᠢ ᠠᠬᠢᠭᠤᠯᠵᠤ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠲᠠ ᠶᠢᠨ ᠵᠠᠭᠪᠤᠷ᠂ ᠨᠡᠶᠢᠲᠡ ᠶᠢᠨ ᠭᠡᠷ᠎ᠡ ᠵᠢᠴᠢ ᠬᠡᠷᠡᠭ ᠵᠥᠪᠯᠡᠬᠦ ᠳᠦᠷᠢᠮ ᠢ ᠵᠥᠪᠳᠡᠯᠴᠡᠨ ᠲᠣᠭᠲᠠᠭᠠᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠬᠠᠮᠲᠤᠪᠠᠷ ᠬᠠᠮᠠᠭᠠᠯᠠᠨ᠎ᠠ᠃ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠤᠨ ᠲᠦᠭᠰᠢᠭᠦᠷᠢ ᠶᠢ ᠠᠷᠢᠯᠭᠠᠬᠤ ᠥᠭᠡᠷᠡᠴᠢᠯᠡᠯᠲᠡ ᠶᠢᠨ ᠰᠢᠨ᠎ᠡ ᠰᠡᠳᠬᠢᠴᠡ ᠶᠢ ᠰᠦᠪᠡᠭᠴᠢᠯᠡᠵᠦ᠂ ᠥᠮᠴᠢᠲᠡᠨ ᠤ ᠪᠡᠶ᠎ᠡ ᠪᠠᠨ ᠳᠠᠭᠠᠭᠠᠵᠤ ᠰᠢᠨᠡᠳᠬᠡᠬᠦ ᠠᠷᠭ᠎ᠠ ᠮᠠᠶ᠋ᠢᠭ ᠢᠶᠠᠷ ᠥᠭᠡᠷᠡᠴᠢᠯᠡᠬᠦ ᠶᠢ ᠵᠣᠷᠢᠭᠵᠢᠭᠤᠯᠤᠨ᠎ᠠ᠃ ᠭᠤᠷᠪᠠ ᠳᠤ᠂ ᠥᠭᠡᠷᠡᠴᠢᠯᠡᠭᠰᠡᠨ ᠤ ᠳᠠᠷᠠᠭᠠᠬᠢ ᠬᠠᠮᠠᠭᠠᠯᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠵᠦ᠂ ᠬᠤᠪᠢᠰᠬᠠᠯᠳᠦ ᠠᠳᠠᠯ ᠠᠬᠤᠢ᠂ ᠵᠡᠭᠡᠯᠢ ᠲᠣᠭᠤᠷᠢᠭ ᠤᠨ ᠠᠳᠠᠯ ᠠᠬᠤᠢ ᠵᠡᠷᠭᠡ ᠵᠠᠭᠪᠤᠷ ᠢᠶᠠᠷ ᠳᠠᠮᠵᠢᠭᠤᠯᠤᠨ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠨᠥᠬᠦᠴᠡᠯ ᠲᠠᠢ ᠰᠠᠭᠤᠭᠠᠯᠢ ᠠᠷᠠᠳ ᠤᠨ ᠲᠣᠭᠤᠷᠢᠭ ᠲᠤ ᠵᠠᠬ᠎ᠠ ᠳᠡᠯᠭᠡᠭᠦᠷᠴᠢᠯᠡᠭᠰᠡᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠠᠳᠠᠯ ᠠᠬᠤᠢ ᠶᠢᠨ ᠬᠠᠮᠢᠶᠠᠷᠤᠯᠲᠠ ᠶᠢᠨ ᠣᠶᠤᠨᠴᠢ ᠲᠠᠪᠴᠠᠩ ᠳᠤ ᠲᠦᠰᠢᠭᠯᠡᠨ᠂ ᠨᠠᠷᠢᠯᠢᠭᠵᠢᠭᠤᠯᠤᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠢᠭᠡᠨᠲᠡ ᠪᠠᠶᠢᠭ᠎ᠠ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠣᠯᠠᠨ ᠨᠡᠶᠢᠲᠡ ᠶᠢᠨ ᠪᠡᠯᠡ ᠮᠥᠩᠭᠦ ᠶᠢ ᠴᠤᠭᠯᠠᠭᠤᠯᠬᠤ᠂ ᠬᠠᠮᠢᠶᠠᠷᠬᠤ᠂ ᠬᠡᠷᠡᠭᠯᠡᠬᠦ ᠬᠠᠮᠢᠶ᠎ᠠ ᠪᠦᠬᠦᠢ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠪᠡᠯᠡᠳᠬᠡᠮᠵᠢ ᠲᠥᠬᠦᠭᠡᠷᠦᠮᠵᠢ ᠶᠢᠨ ᠦᠷᠭᠦᠯᠵᠢᠯᠡᠬᠦ ᠬᠠᠮᠠᠭᠠᠯᠠᠯᠲᠠ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃        ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ ᠭᠡᠵᠦ ᠳᠤᠷᠠᠳᠤᠨ ᠭᠠᠷᠭᠠᠵᠤ᠂ 2000 ᠣᠨ ᠠᠴᠠ ᠡᠮᠦᠨ᠎ᠡ ᠪᠠᠶᠢᠭᠤᠯᠤᠭᠰᠠᠨ ᠬᠤᠲᠠ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠴᠥᠮ ᠥᠭᠡᠷᠡᠴᠢᠯᠡᠬᠦ ᠬᠡᠪᠴᠢᠶᠡᠨ ᠳᠤ ᠣᠷᠣᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠥᠭᠡᠷᠡᠴᠢᠯᠡᠬᠦ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ ︽ᠰᠠᠨᠠᠯ︾ ᠢ ᠨᠡᠶᠢᠲᠡᠯᠡᠭᠰᠡᠨ ᠨᠢ ᠡᠯ᠎ᠡ ᠭᠠᠵᠠᠷ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠴᠡᠭᠴᠡᠯᠡᠨ ᠥᠭᠡᠷᠡᠴᠢᠯᠡᠬᠦ ᠳᠤ ᠬᠦᠴᠦᠲᠡᠢ ᠵᠢᠯᠣᠭᠤᠳᠤᠯᠭ᠎ᠠ ᠬᠠᠩᠭᠠᠵᠠᠢ᠃ ︽ᠰᠠᠨᠠᠯ︾ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠠᠪᠤᠴᠠ ᠳᠤ᠂ ᠡᠯ᠎ᠡ ᠭᠠᠵᠠᠷ ᠤᠨ ᠬᠢᠨ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠭᠦᠢᠴᠡᠳ ᠠᠰᠢᠭᠯᠠᠨ᠂ ᠲᠥᠯᠦᠪᠵᠢᠭᠦᠯᠭᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠂ ᠪᠡᠯᠡ ᠮᠥᠩᠭᠦ ᠶᠢᠨ ᠣᠷᠣᠭᠤᠯᠤᠯᠲᠠ ᠶᠢ ᠪᠠᠲᠤᠯᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠣᠯᠠᠨ ᠲᠠᠯ᠎ᠠ ᠶᠢᠨ ᠬᠢᠨ ᠤ ᠬᠠᠮᠲᠤ ᠪᠠᠷ ᠣᠷᠣᠯᠴᠠᠬᠤ ᠶᠢ ᠬᠥᠲᠥᠯᠥᠨ ᠵᠢᠯᠤᠭᠤᠳᠴᠤ᠂ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠴᠡᠭᠴᠡᠯᠡᠨ ᠥᠭᠡᠷᠡᠴᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠪᠤᠯᠤᠨ᠎ᠠ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1