ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 3 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶᠠᠨ ᠤ | ᠵᠠᠷᠯᠢᠭ ᠲᠤ ᠭᠠᠷ ᠤᠨ ᠥᠰᠥᠭ ᠵᠢᠷᠤᠵᠤ᠂ ︽ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠲᠤ ᠪᠠᠷ ᠡᠳ᠋ᠯᠡᠬᠦ ᠳᠦᠷᠢᠮ︾ ︵ | ᠳᠣᠷᠣᠭᠰᠢ ︽ᠳᠦᠷᠢᠮ︾ ᠭᠡᠵᠦ ᠲᠣᠪᠴᠢᠯᠠᠪᠠ︶ ᠢ ᠨᠡᠶᠢᠲᠡᠯᠡᠵᠦ᠂ 2025 ᠣᠨ ᠤ 8 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ︽ᠳᠦᠷᠢᠮ︾ ᠨᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠠᠮᠤᠷ ᠲᠦᠪᠰᠢᠨ ᠡᠮᠬᠢ ᠵᠢᠷᠤᠮ ᠲᠠᠢ ᠥᠨᠳᠥᠷ | ᠪᠦᠲᠦᠮᠵᠢᠲᠡᠶ ᠬᠠᠮᠲᠤ ᠪᠠᠷ ᠡᠳ᠋ᠯᠡᠵᠦ ᠠᠰᠢᠭᠯᠠᠬᠤ ᠶᠢ ᠠᠬᠢᠭᠤᠯᠵᠤ᠂ ᠵᠠᠰᠠᠭ ᠤᠨ ᠣᠷᠳᠣᠨ ᠤ ᠳ᠋ᠢᠭᠢᠲᠴᠢᠯᠡᠭᠰᠡᠨ | ᠵᠠᠰᠠᠯᠲᠠ ᠶᠢᠨ ᠴᠢᠳᠠᠪᠤᠷᠢ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠵᠦ᠂ | ᠳ᠋ᠢᠭᠢᠲ ᠵᠠᠰᠠᠭ ᠤᠨ ᠣᠷᠳᠣᠨ ᠢ ᠪᠥᠬᠦ ᠲᠠᠯ᠎ᠠ ᠪᠠᠷ ᠪᠠᠶᠢᠭᠤᠯᠬᠤ ᠪᠠᠷ ᠵᠣᠷᠢᠯᠭ᠎ᠠ ᠪᠣᠯᠭᠠᠪᠠ᠃ ︽ᠳᠦᠷᠢᠮ︾ ᠨᠢ ᠨᠡᠶᠢᠲᠡ 8 | ᠪᠦᠯᠦᠭ 44 ᠵᠦᠢᠯ ᠲᠠᠢ᠂ ᠭᠤᠣᠯᠳᠠᠭᠤ ᠳᠣᠣᠷᠠᠬᠢ ᠠᠭᠤᠯᠭ᠎ᠠ ᠨᠤᠭᠤᠳ ᠢ ᠪᠠᠭᠲᠠᠭᠠᠪᠠ᠃ | ᠨᠢᠭᠡ ᠳᠤ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠶᠢᠯᠠᠪᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ | ᠡᠳ᠋ᠯᠡᠬᠦ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠢᠭᠡᠳᠦᠯᠲᠡᠢ | ᠲᠥᠯᠥᠪᠯᠡᠨ ᠵᠣᠬᠢᠴᠠᠭᠤᠯᠬᠤ᠂ ᠪᠠᠷᠢᠮᠵᠢᠶ᠎ᠠ ᠶᠢ ᠨᠢᠭᠡᠳᠬᠡᠬᠦ᠂ ᠬᠠᠤᠯᠢ ᠶᠣᠰᠣᠭᠠᠷ ᠬᠠᠮᠲᠤ ᠪᠠᠷ ᠡᠳ᠋ᠯᠡᠬᠦ᠂ ᠵᠦᠢ ᠵᠣᠬᠢᠰᠲᠠᠢ | ᠬᠡᠷᠡᠭᠯᠡᠬᠦ᠂ ᠠᠮᠤᠷ ᠲᠦᠪᠰᠢᠨ ᠡᠵᠡᠮᠳᠡᠬᠦᠶᠢᠴᠡ ᠵᠠᠷᠴᠢᠮ ᠢ ᠵᠢᠷᠤᠮᠯᠠᠨ᠎ᠠ ᠭᠡᠵᠦ ᠲᠣᠭᠲᠠᠭᠠᠪᠠ᠃ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ | ᠠᠵᠢᠯ ᠤᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠪᠠ᠃ | ᠬᠤᠶᠠᠷ ᠲᠤ ᠭᠠᠷᠴᠠᠭ ᠤᠨ ᠬᠠᠮᠢᠶᠠᠷᠤᠯᠲᠠ ᠶᠢ ᠰᠢᠯᠢᠳᠡᠭᠵᠢᠭᠦᠯᠪᠡ᠃ ᠵᠠᠰᠠᠭ ᠤᠨ ᠶᠠᠪᠤᠳᠠᠯ ᠤᠨ ᠳ᠋ᠠᠶᠢᠲ᠋ᠠ ᠳᠤ | ᠨᠢᠭᠡᠳᠦᠯᠲᠡᠢ ᠭᠠᠷᠴᠠᠭ ᠤᠨ ᠬᠠᠮᠢᠶᠠᠷᠤᠯᠲᠠ ᠬᠡᠷᠡᠭᠵᠢᠭᠦᠯᠬᠦ ᠶᠢ ᠲᠣᠭᠲᠠᠭᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ | ᠭᠠᠷᠴᠠᠭ ᠢ ᠨᠠᠶᠢᠷᠠᠭᠤᠯᠤᠨ ᠵᠣᠬᠢᠶᠠᠬᠤ᠂ ᠨᠡᠶᠢᠲᠡᠯᠡᠬᠦ ᠵᠢᠴᠢ ᠬᠥᠳᠡᠯᠦᠩᠭᠦᠢ ᠪᠠᠷ ᠰᠢᠨᠡᠳᠬᠡᠬᠦ ᠵᠡᠷᠭᠡ ᠱᠠᠭᠠᠷᠳᠠᠯᠭ᠎ᠠ ᠶᠢ | ᠲᠣᠳᠣᠷᠬᠠᠶᠢᠯᠠᠪᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠬᠠᠷᠢᠶᠠᠯᠠᠯ ᠤᠨ ᠠᠩᠭᠢᠯᠠᠯ ᠢ ᠲᠣᠭᠲᠠᠭᠠᠵᠤ᠂ | ᠳᠤᠷ᠎ᠠ ᠪᠠᠷ ᠢᠶᠠᠨ ᠨᠥᠬᠦᠴᠡᠯ ᠨᠡᠮᠡᠵᠦ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠲᠤ ᠪᠠᠷ ᠡᠳ᠋ᠯᠡᠬᠦ ᠶᠢ ᠬᠠᠷᠰᠢᠯᠠᠬᠤ ᠪᠠ | ᠨᠥᠯᠥᠭᠡᠯᠡᠬᠦ ᠶᠢ ᠨᠢ ᠬᠤᠷᠢᠭᠯᠠᠬᠤ ᠪᠠᠷ ᠲᠣᠭᠲᠠᠭᠠᠪᠠ᠃ | ᠭᠤᠷᠪᠠ ᠳᠤ ᠬᠠᠮᠲᠤ ᠪᠠᠷ ᠡᠳ᠋ᠯᠡᠵᠦ ᠬᠡᠷᠡᠭᠯᠡᠬᠦ ᠱᠠᠭᠠᠷᠳᠠᠯᠭ᠎ᠠ ᠶᠢ ᠨᠠᠷᠢᠯᠢᠭᠵᠢᠭᠤᠯᠪᠠ᠃ ᠬᠠᠮᠲᠤ ᠳᠤ ᠪᠠᠨ ᠡᠳ᠋ᠯᠡᠬᠦ ᠪᠠᠷ | ᠳᠠᠮᠵᠢᠭᠤᠯᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠣᠯᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠴᠡᠭᠡ ᠶᠢ | ᠬᠠᠩᠭᠠᠵᠤ ᠳᠡᠶᠢᠯᠬᠦ ᠳᠤ ᠭᠦᠷᠪᠡᠯ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠳᠠᠬᠢᠨ ᠳᠠᠪᠲᠠᠨ ᠴᠤᠭᠯᠠᠭᠤᠯᠵᠤ ᠪᠣᠯᠬᠤ | ᠦᠭᠡᠢ ᠭᠡᠵᠦ ᠲᠣᠭᠲᠠᠭᠠᠭᠰᠠᠨ ᠪᠥᠭᠡᠳ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠲᠦᠷᠦᠭᠦᠯᠡᠨ ᠴᠤᠭᠯᠠᠭᠤᠯᠬᠤ ᠵᠠᠰᠠᠭ ᠤᠨ | ᠣᠷᠳᠣᠨ ᠤ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠵᠠᠰᠠᠭ ᠤᠨ ᠶᠠᠪᠤᠳᠠᠯ ᠤᠨ | ᠳ᠋ᠠᠶᠢᠲ᠋ᠠ ᠶᠢ ᠬᠠᠮᠲᠤ ᠳᠤ ᠪᠠᠨ ᠡᠳ᠋ᠯᠡᠬᠦ ᠪᠠᠷ ᠭᠤᠶᠤᠴᠢᠯᠠᠬᠤ᠂ ᠬᠠᠷᠢᠭᠤᠯᠬᠤ ᠴᠤᠪᠤᠷᠠᠯ ᠵᠢᠴᠢ ᠴᠠᠭ ᠤᠨ ᠬᠢᠵᠠᠭᠠᠷ ᠤᠨ | ᠱᠠᠭᠠᠷᠳᠠᠯᠭ᠎ᠠ ᠶᠢ ᠨᠢ ᠨᠠᠷᠢᠯᠢᠭᠵᠢᠭᠤᠯᠪᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠶᠠᠰᠤ ᠴᠢᠨᠠᠷ ᠤᠨ ᠬᠠᠮᠢᠶᠠᠷᠤᠯᠲᠠ᠂ | ᠬᠠᠷᠭᠤᠭᠤᠯᠤᠨ ᠵᠠᠯᠠᠷᠠᠭᠤᠯᠬᠤ ᠵᠢᠴᠢ ᠬᠠᠮᠲᠤ ᠪᠠᠷ ᠡᠳ᠋ᠯᠡᠬᠦ ᠳᠤ ᠡᠭᠦᠰᠦᠭᠰᠡᠨ ᠮᠠᠷᠭᠤᠯᠳᠤᠭᠠᠨ ᠢ ᠰᠢᠢᠳᠪᠦᠷᠢᠯᠡᠬᠦ | ᠲᠣᠭᠲᠠᠴᠠ ᠶᠢ ᠨᠢ ᠲᠣᠳᠣᠷᠬᠠᠶᠢᠯᠠᠪᠠ᠃ ᠳᠡᠭᠡᠳᠦ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠨᠢ ᠳᠣᠣᠷᠠᠳᠤ | ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠡᠷᠡᠭᠴᠡᠭᠡ ᠶᠢ | ᠦᠨᠳᠦᠰᠦᠯᠡᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ | ᠬᠠᠮᠢᠶ᠎ᠠ ᠪᠦᠬᠦᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠴᠠᠭ ᠲᠤᠬᠠᠢ ᠳᠤ ᠨᠢ᠂ ᠪᠦᠷᠢᠨ ᠪᠦᠲᠦᠨ ᠢᠶᠠᠷ ᠪᠤᠴᠠᠭᠠᠯᠭᠠᠬᠤ ᠶᠢ | ᠲᠣᠭᠲᠠᠭᠠᠪᠠ᠃ | ᠳᠥᠷᠪᠡ ᠳᠤ ᠲᠠᠪᠴᠠᠩ ᠤᠨ ᠲᠤᠯᠭᠠᠭᠤᠷᠢᠯᠠᠯ ᠢ ᠴᠢᠩᠭᠠᠳᠬᠠᠪᠠ᠃ ᠪᠥᠬᠦ ᠤᠯᠤᠰ ᠤᠨ ᠨᠢᠭᠡ ᠴᠣᠭᠴᠠᠵᠢᠭᠰᠠᠨ | ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠶᠢ ᠨᠡᠶᠢᠳᠬᠡᠵᠦ ᠪᠠᠶᠢᠭᠤᠯᠬᠤ ᠪᠠᠷ ᠲᠣᠭᠲᠠᠭᠠᠵᠤ᠂ | ᠪᠠᠶᠢᠭᠤᠯᠤᠭᠠᠳ ᠪᠠᠶᠢᠭ᠎ᠠ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠲᠠᠪᠴᠠᠩ ᠢ ᠨᠢ ᠪᠥᠬᠦ ᠤᠯᠤᠰ ᠤᠨ ᠨᠢᠭᠡ | ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠳᠤ ᠣᠷᠣᠭᠤᠯᠬᠤ ᠪᠠᠷ ᠱᠠᠭᠠᠷᠳᠠᠵᠤ᠂ | ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠵᠦ ᠰᠣᠯᠢᠯᠴᠠᠬᠤ ᠰᠢᠰᠲ᠋ᠧᠮ ᠢ ᠵᠠᠷᠴᠢᠮ ᠳᠡᠭᠡᠷ᠎ᠡ ᠪᠠᠨ ᠰᠢᠨ᠎ᠡ ᠪᠠᠷ | ᠪᠠᠶᠢᠭᠤᠯᠬᠤ ᠦᠭᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠪᠥᠬᠦ ᠤᠯᠤᠰ ᠤᠨ ᠨᠢᠭᠡ | ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠪᠠᠷ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠬᠠᠮᠲᠤ ᠪᠠᠷ ᠡᠳ᠋ᠯᠡᠬᠦ ᠠᠵᠢᠯ ᠢ ᠥᠷᠨᠢᠭᠦᠯᠬᠦ ᠬᠡᠷᠡᠭᠲᠡᠢ ᠭᠡᠵᠦ ᠲᠣᠳᠣᠷᠬᠠᠶᠢᠯᠠᠪᠠ᠃ | ᠲᠠᠪᠤ ᠳᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠪᠠ᠃ ᠬᠡᠨ ᠬᠠᠮᠢᠶᠠᠷᠪᠠᠯ ᠲᠡᠷᠡ ᠬᠠᠷᠢᠭᠤᠴᠠᠬᠤ᠂ ᠬᠡᠨ | ᠬᠡᠷᠡᠭᠯᠡᠪᠡᠯ ᠲᠡᠷᠡ ᠬᠠᠷᠢᠭᠤᠴᠠᠬᠤ ᠵᠠᠷᠴᠢᠮ ᠶᠣᠰᠣᠭᠠᠷ ᠡᠯ᠎ᠡ ᠭᠤᠭᠴᠣᠭᠠᠨ ᠳᠠᠬᠢ ᠠᠮᠤᠷ ᠲᠦᠪᠰᠢᠨ ᠤ ᠬᠠᠷᠢᠭᠤᠴᠠᠯᠭ᠎ᠠ ᠶᠢᠨ | ᠭᠤᠣᠯ ᠴᠣᠭᠴᠠ ᠶᠢ ᠲᠣᠳᠣᠷᠬᠠᠶᠢᠯᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠤᠯᠢ ᠶᠣᠰᠣᠭᠠᠷ ᠬᠠᠮᠲᠤ ᠡᠳ᠋ᠯᠡᠬᠦ | ᠶᠠᠪᠤᠴᠠ ᠳᠤᠮᠳᠠᠬᠢ ᠬᠡᠷᠡᠭᠴᠡᠭᠡ ᠲᠠᠢ ᠰᠠᠯᠠᠭ᠎ᠠ ᠮᠥᠴᠢᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠴᠢᠬᠤᠯᠠᠴᠢᠯᠠᠪᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠨᠠᠶᠢᠳᠠᠯᠭ᠎ᠠ ᠬᠦᠯᠢᠶᠡᠭᠰᠡᠨ ᠲᠠᠯ᠎ᠠ ᠶᠢᠨ ᠬᠢᠨ ᠤ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠶᠢ ᠨᠢ ᠨᠠᠷᠢᠯᠢᠭᠵᠢᠭᠤᠯᠵᠤ᠂ ᠬᠤᠪᠢ | ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠵᠢᠴᠢ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠰᠢᠢᠳᠪᠦᠷᠢᠯᠡᠬᠦ ᠱᠠᠭᠠᠷᠳᠠᠯᠭ᠎ᠠ ᠶᠢ | ᠨᠢ ᠲᠣᠳᠣᠷᠬᠠᠶᠢᠯᠠᠪᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠵᠠᠷᠤᠳᠠᠯ ᠤᠨ ᠪᠠᠲᠤᠯᠠᠭ᠎ᠠ ᠪᠠ | ᠲᠥᠰᠥᠪ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠳᠤᠷᠠᠳᠪᠠ᠃ | |