ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︽ᠪᠣᠬᠢᠷᠲᠤᠯ ᠦᠭᠡᠢ | ᠪᠠᠷᠢᠯᠭ᠎ᠠ + ᠬᠠᠶᠢᠮᠢᠶᠠᠨ ᠬᠤᠲᠠ︾ ᠶᠢᠨ ᠪᠦᠳᠦᠭᠡᠨ ᠪᠠᠶᠢᠭᠤᠯᠤᠯᠳᠠ ᠶᠢ ᠬᠠᠮᠵᠢᠯᠴᠠᠨ ᠬᠦᠭᠵᠢᠭᠦᠯᠬᠦ ᠰᠢᠰᠲ᠋ᠧᠮᠵᠢ ᠶᠢ | ᠪᠠᠶᠢᠭᠤᠯᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠵᠤ ᠠᠬᠤᠢ ᠶᠢᠨ | ᠬᠥᠭᠵᠢᠯᠲᠡ ᠶᠢᠨ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ ᠲᠦᠯᠬᠢᠨ ᠠᠬᠢᠭᠤᠯᠵᠦ ᠪᠠᠶᠢᠨ᠎ᠠ᠃ | ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠪᠠᠷᠢᠯᠭ᠎ᠠ ᠶᠢᠨ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠤ ᠪᠦᠲᠦᠭᠡᠨ ᠪᠠᠶᠢᠭᠤᠯᠤᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠲᠠᠯ᠎ᠠ ᠪᠠᠷ ᠪᠣᠶᠢᠵᠢᠭᠤᠯᠬᠤ ᠰᠢᠰᠲ᠋ᠧᠮᠵᠢ ᠶᠢ ᠪᠠᠶᠢᠭᠤᠯᠪᠠ᠃ ᠣᠲᠣ | ᠪᠣᠯᠲᠠᠯ᠎ᠠ᠂ ᠪᠥᠬᠦ ᠬᠤᠲᠠ ᠶᠢᠨ 1954 ᠪᠠᠷᠢᠯᠭ᠎ᠠ ᠶᠢᠨ ᠶᠡᠷᠦᠩᠬᠡᠢ ᠳᠠᠭᠠᠭᠠᠴᠢᠯᠠᠯᠲᠠ ᠵᠢᠴᠢ ᠲᠤᠰᠬᠠᠢ | ᠳᠠᠭᠠᠭᠠᠴᠢᠯᠠᠯᠲᠠ ᠶᠢᠨ ᠠᠵᠤ ᠠᠬᠤᠶᠢᠯᠠᠯ ᠤᠨ ᠳᠣᠲᠣᠷ᠎ᠠ᠂ ᠣᠨᠴᠠ ᠲᠠᠰ ᠤᠨ ᠬᠢᠷᠢ ᠬᠡᠮ ᠲᠠᠢ ᠠᠵᠤ ᠠᠬᠤᠶᠢᠯᠠᠯ 3 | ᠪᠣᠯᠵᠤ᠂ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠬᠢᠷᠢ ᠬᠡᠮ ᠲᠠᠢ ᠠᠵᠤ ᠠᠬᠤᠶᠢᠯᠠᠯ 1500 ᠶᠢ ᠳᠠᠪᠠᠵᠤ᠂ ︽ | ᠫᠢᠷᠠᠮᠢᠳ᠋ ᠰᠤᠪᠤᠷᠭ᠎ᠠ︾ ᠮᠠᠶ᠋ᠢᠭ ᠤᠨ ᠴᠢᠨᠠᠷ ᠰᠠᠶᠢᠲᠠᠢ ᠠᠵᠤ ᠠᠬᠤᠶᠢᠯᠠᠯ ᠤᠨ ᠱᠠᠲᠤᠯᠵᠢᠨ ᠡᠩᠨᠡᠭᠡ ᠶᠢ ᠪᠣᠶ ᠪᠣᠯᠭᠠᠪᠠ᠃ | ᠡᠨᠡ ᠵᠢᠯ ᠠᠴᠠ ᠨᠠᠰᠢ᠂ ᠬᠤᠲᠠ ᠶᠢᠨ ᠶᠠᠰᠤ ᠴᠢᠨᠠᠷ ᠠᠮᠤᠷ ᠲᠦᠪᠰᠢᠨ ᠤ ᠲᠥᠪ 13 ᠲᠠᠯᠠᠪᠤᠷ ᠲᠤᠰᠬᠠᠢ | ᠪᠤᠯᠪᠠᠰᠤᠷᠠᠯ᠂ 9 ᠤᠳᠠᠭᠠᠨ ᠤ ᠠᠬᠤᠢ ᠲᠠᠯᠠᠪᠠᠢ ᠶᠢᠨ ᠦᠵᠡᠭᠦᠯᠦᠯᠭᠡ ᠵᠢᠴᠢ ᠰᠢᠶᠦ᠋ᠩ ᠠᠨ ᠰᠢᠨ᠎ᠡ ᠲᠣᠭᠤᠷᠢᠭ ᠤᠨ | ᠬᠤᠭᠤᠯᠠᠢ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠲᠤᠬᠠᠢ ᠶᠢᠨ ᠭᠠᠵᠠᠷ ᠲᠤᠨᠢ ᠰᠤᠳᠤᠯᠤᠨ ᠰᠤᠷᠤᠯᠴᠠᠵᠤ᠂ | ᠠᠵᠢᠯ ᠲᠥᠷᠥᠯ ᠤᠨ ᠣᠶᠤᠨᠴᠢᠯᠠᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠬᠦ ᠶᠢ ᠲᠦᠯᠬᠢᠨ ᠠᠬᠢᠭᠤᠯᠪᠠ | ᠃ ᠣᠶᠤᠨᠲᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠤᠰᠬᠠᠢ ᠰᠡᠳᠦᠪᠲᠦ | ᠪᠤᠯᠪᠠᠰᠤᠷᠠᠯ ᠨᠢ ᠲᠣᠰ ᠭᠠᠵᠠᠷ ᠤᠨ ᠠᠵᠤ ᠠᠬᠤᠶᠢᠯᠠᠯ ᠳᠤ ᠨᠠᠩ ᠴᠤ ᠶᠠᠰᠤ ᠴᠢᠨᠠᠷ ᠠᠮᠤᠷ ᠲᠦᠪᠰᠢᠨ ᠤ ᠬᠡᠮ | ᠰᠣᠭᠤᠭ ᠢ ᠵᠠᠰᠠᠬᠤ ᠪᠠ ᠮᠠᠰᠢᠨ ᠬᠥᠮᠥᠨ ᠤ ᠪᠠᠷᠢᠯᠭ᠎ᠠ ᠪᠠᠷᠢᠬᠤ ᠵᠡᠷᠭᠡ ᠬᠤᠰᠢᠭᠤᠷᠠᠯ ᠮᠡᠷᠭᠡᠵᠢᠯ ᠢ ᠡᠵᠡᠮᠰᠢᠭᠦᠯᠦᠭᠰᠡᠨ | ᠪᠠᠶᠢᠨ᠎ᠠ᠃ | ᠪᠠᠷᠢᠯᠭ᠎ᠠ ᠶᠢᠨ ᠦᠢᠯᠡᠰ ᠨᠢ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ︽ᠰᠠᠭᠤᠷᠢ︾ ᠪᠤᠯᠤᠨ᠎ᠠ᠃ | ᠬᠠᠮᠤᠭ ᠤᠨ ᠰᠢᠨ᠎ᠡ ᠪᠦᠷᠢᠳᠬᠡᠯ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2024 ᠣᠨ ᠳᠤ ᠪᠥᠬᠦ | ᠬᠤᠲᠠ ᠶᠢᠨ ᠪᠠᠷᠢᠯᠭ᠎ᠠ ᠶᠢᠨ ᠦᠢᠯᠡᠰ ᠤᠨ ᠦᠢᠯᠡᠳᠬᠦᠨ ᠤ ᠪᠥᠬᠦ ᠥᠷᠲᠡᠭ 309.8 ᠳ᠋ᠦᠩᠰᠢᠭᠤᠷ ᠲᠥᠭᠦᠷᠢᠭ ᠢ | ᠳᠠᠪᠠᠵᠤ᠂ ᠠᠳᠠᠯᠢ ᠬᠤᠭᠤᠴᠠᠭᠠᠨ ᠤ ᠬᠢ ᠠᠴᠠ 1.4% ᠪᠠᠷ ᠨᠡᠮᠡᠭᠳᠡᠨ᠂ ᠠᠵᠢᠯ ᠲᠥᠷᠥᠯ ᠤᠨ ᠨᠡᠮᠡᠭᠳᠡᠯ | ᠥᠷᠲᠡᠭ ᠤᠨ ᠨᠡᠮᠡᠭᠳᠡᠯ ᠤᠨ ᠬᠤᠷᠳᠤᠴᠠ 5.9% ᠬᠦᠷᠴᠡᠢ᠃ 2025 ᠣᠨ ᠤ ᠠᠩᠬᠠᠨ ᠤ ᠤᠯᠠᠷᠢᠯ ᠳᠤ | ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠣᠯᠵᠤ᠂ ᠲᠤᠰ ᠭᠠᠵᠠᠷ ᠤᠨ ᠠᠵᠤ ᠠᠬᠤᠶᠢᠯᠠᠯ ᠤᠨ ᠭᠡᠷ᠎ᠡ ᠶᠢᠨ ᠲᠤᠭ᠎ᠠ | ᠠᠳᠠᠯᠢ ᠬᠤᠭᠤᠴᠠᠭᠠᠨ ᠤ ᠬᠢ ᠠᠴᠠ 19.3% ᠨᠡᠮᠡᠭᠳᠡᠵᠦ᠂ 608.1 ᠳ᠋ᠦᠩᠰᠢᠭᠤᠷ ᠲᠥᠭᠦᠷᠢᠭ ᠪᠣᠯᠣᠨ | ᠳᠡᠭᠡᠭᠰᠢᠯᠡᠵᠦ᠂ ᠭᠠᠳᠠᠨ᠎ᠠ ᠣᠷᠣᠨ ᠤ ᠠᠵᠤ ᠠᠬᠤᠶᠢᠯᠠᠯ ᠤᠨ ᠭᠡᠷ᠎ᠡ ᠲᠣᠭᠲᠠᠭᠰᠠᠨ ᠲᠤᠭ᠎ᠠ 165.25 ᠳ᠋ᠦᠩᠰᠢᠭᠤᠷ | ᠲᠥᠭᠦᠷᠢᠭ ᠲᠤ ᠬᠦᠷᠴᠦ᠂ ᠳᠣᠲᠣᠭᠠᠳᠤ ᠭᠠᠳᠠᠭᠠᠳᠤ ᠶᠢᠨ ᠬᠤᠯᠪᠣᠯᠳᠤᠭᠰᠠᠨ ᠬᠥᠭᠵᠢᠯᠲᠡ ᠶᠢᠨ ᠪᠠᠶᠢᠷᠢᠰᠢᠯ ᠢ | ᠪᠦᠷᠢᠯᠳᠦᠭᠦᠯᠪᠡ᠃ ᠪᠠᠷᠢᠯᠭ᠎ᠠ ᠶᠢᠨ ᠦᠢᠯᠡᠰ ᠨᠢ ᠬᠤᠳᠠ ᠶᠢᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ | ᠲᠦᠮᠡ ᠢᠯᠡᠭᠦᠦ ᠰᠢᠨ᠎ᠡ ᠪᠠᠷ ᠨᠡᠮᠡᠭᠳᠡᠭᠦᠯᠵᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ | ᠪᠠᠲᠤᠯᠠᠬᠤ ᠲᠠᠯ᠎ᠠ ᠪᠠᠷ ᠵᠠᠩᠭᠢᠯᠠᠭ᠎ᠠ ᠶᠢᠨ ᠦᠢᠯᠡᠳᠦᠯ ᠦᠵᠡᠭᠦᠯᠪᠡ᠃ | ᠪᠣᠬᠢᠷᠲᠤᠯ ᠦᠭᠡᠢ ᠪᠠᠷᠢᠯᠭ᠎ᠠ ᠶᠢ ᠤᠮᠠᠷᠠᠲᠤ ᠬᠢᠯᠢ ᠳᠤ ᠳᠠᠭᠠᠭᠤᠯᠤᠨ ᠬᠥᠭᠵᠢᠭᠦᠯᠵᠦ᠂ ︽ᠤᠯᠠᠨ ᠲᠦᠮᠡᠨ ᠢ ︿ | ᠠᠮᠢᠰᠬᠤᠵᠤ ᠴᠢᠳᠠᠳᠠᠭ ᠪᠠᠶᠢᠰᠢᠩ﹀ ᠳᠤ ᠰᠠᠭᠤᠯᠭᠠᠬᠤ ᠪᠣᠯ ᠪᠢᠳᠡᠨ ᠤ ᠰᠠᠶᠢᠨ ᠰᠠᠶᠢᠬᠠᠨ ᠠᠮᠢᠳᠤᠷᠠᠯ ᠤᠨ | ᠦᠢᠯᠡᠳᠦᠯᠭᠡ ᠶᠢᠨ ᠠᠮᠠᠯᠠᠯᠲᠠ ᠪᠣᠯᠣᠨ᠎ᠠ︾ ᠭᠡᠵᠦ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠴᠢᠩ ᠢᠯᠡᠷᠬᠡᠶᠢᠯᠡᠪᠡ᠃ 2024 ᠣᠨ ᠳᠤ | ᠪᠥᠬᠦ ᠬᠤᠲᠠ ᠶᠢᠨ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠬᠡᠷᠡᠭᠯᠡᠯᠲᠡ ᠶᠢᠨ ᠨᠣᠷᠮ᠎ᠠ ᠥᠪᠡᠷᠲᠡᠭᠡᠨ | ᠵᠠᠰᠠᠬᠤ ᠣᠷᠣᠨ ᠤ ᠲᠡᠷᠢᠭᠦᠨ ᠳᠤ ᠣᠷᠣᠵᠤ᠂ 2025 ᠣᠨ ᠳᠤ ᠬᠤᠲᠠ ᠪᠠᠯᠭᠠᠰᠤᠨ ᠤ ᠪᠠᠷᠢᠯᠭ᠎ᠠ ᠲᠠᠭᠤᠰᠬᠠᠬᠤ | ᠪᠠᠷᠢᠯᠭ᠎ᠠ ᠶᠢ 100% ᠪᠠᠷ ᠪᠣᠬᠢᠷᠲᠤᠯ ᠦᠭᠡᠢ ᠪᠣᠯᠭᠠᠬᠤ ᠬᠠᠷᠠᠯᠲᠠ ᠶᠢ ᠪᠡᠶᠡᠯᠡᠭᠦᠯᠬᠦ ᠪᠣᠯᠣᠨ᠎ᠠ᠃ ᠡᠨᠧᠷᠭᠢ ᠶᠢᠨ | ᠬᠤᠷᠣᠭᠳᠠᠭᠤᠯᠤᠯ ᠢᠶᠠᠷ ᠬᠡᠲᠦ ᠪᠠᠭ᠎ᠠ ᠪᠠᠷᠢᠯᠭ᠎ᠠ᠂ BIM ︵ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ︶ ᠶᠢᠨ | ᠮᠡᠷᠭᠡᠵᠢᠯ ᠤᠨ ᠬᠡᠷᠡᠭᠯᠡᠯᠲᠡ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠬᠤᠷᠠᠮᠠᠯ ᠭᠤᠷᠪᠠᠨ ᠶᠡᠭᠡ | ᠰᠢᠪᠲᠤᠯᠤᠯᠲᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠵᠢᠯ ᠤᠨ ᠳᠣᠲᠣᠷ᠎ᠠ ᠣᠳᠣᠨ ᠲᠠᠰ ᠤᠨ ᠪᠣᠬᠢᠷᠲᠤᠯ ᠦᠭᠡᠢ | ᠪᠠᠷᠢᠯᠭ᠎ᠠ ᠶᠢᠨ ᠡᠵᠡᠯᠡᠬᠦ ᠬᠠᠷᠢᠴᠠᠯ ᠢ 35% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠬᠦ ᠪᠠᠷ ᠲᠥᠯᠥᠪᠯᠡᠵᠦ ᠪᠠᠶᠢᠨ᠎ᠠ᠃ | | 2022 ᠣᠨ ᠤ 5 ᠳ᠋ᠤᠭᠠᠷ ᠰᠠᠷ᠎ᠠ ᠳᠤ᠂ ᠬᠥᠬᠡᠬᠤᠲᠠ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠤᠯᠤᠰ ᠤᠨ ᠬᠤᠶᠠᠳᠤᠭᠠᠷ ᠪᠦᠯᠦᠭ ᠤᠨ ᠰᠢᠰᠲ᠋ᠧᠮᠵᠢᠭᠦᠯᠦᠭᠰᠡᠨ ᠬᠠᠶᠢᠮᠢᠶᠠᠨ ᠬᠤᠳᠠ ᠶᠢᠨ ᠪᠦᠲᠦᠭᠡᠨ | ᠪᠠᠶᠢᠭᠤᠯᠤᠯᠲᠠ ᠶᠢ ᠪᠦᠬᠦ ᠣᠷᠣᠨ ᠪᠦᠰᠡ ᠪᠠᠷ ᠠᠬᠢᠭᠤᠯᠬᠤ ᠵᠢᠱᠢᠶ᠎ᠡ ᠦᠵᠡᠭᠦᠯᠬᠦ ᠬᠤᠳᠠ ᠳᠤ ᠰᠣᠩᠭᠤᠭᠳᠠᠵᠤ᠂ | ᠵᠢᠱᠢᠶ᠎ᠡ ᠦᠵᠡᠭᠦᠯᠬᠦ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠪᠠᠷ ᠳᠡᠮᠵᠢᠨ᠂ ︽ᠠᠭᠤᠯᠠ᠂ ᠡᠪᠡᠰᠦ᠂ ᠬᠤᠲᠠ᠂ | ᠤᠰᠤ︾ ᠶᠢ ᠨᠢᠭᠡ ᠴᠣᠭᠴᠠᠵᠢᠭᠤᠯᠤᠨ ᠵᠠᠰᠠᠬᠤ ᠵᠠᠭᠪᠤᠷ ᠢ ᠠᠯᠬᠤᠮ ᠠᠯᠬᠤᠮ ᠢᠶᠠᠷ ᠪᠣᠶ ᠪᠣᠯᠭᠠᠵᠤ᠂ ᠶᠡᠭᠡ ᠬᠠᠷ᠎ᠠ | ᠭᠤᠣᠯ᠂ ᠪᠠᠭ᠎ᠠ ᠬᠠᠷ᠎ᠠ ᠭᠤᠣᠯ ᠤᠨ ᠰᠠᠪᠠ ᠭᠠᠵᠠᠷ ᠢ ᠵᠠᠰᠠᠬᠤ ᠵᠢᠴᠢ ᠠᠮᠢ ᠠᠬᠤᠢ ᠶᠢ ᠵᠠᠰᠠᠨ ᠰᠡᠷᠭᠦᠭᠡᠬᠦ ᠪᠠᠷ ᠳᠡᠮᠵᠢᠨ | ᠂ ︽ᠨᠢᠭᠡ ᠲᠣᠭᠤᠷᠢᠭ ᠬᠤᠶᠠᠷ ᠬᠥᠨᠳᠡᠯᠡᠨ ᠵᠢᠷᠭᠤᠭᠠᠨ ᠭᠤᠯᠳᠤ ᠣᠯᠠᠨ ᠴᠡᠭ︾ ᠤᠨ ᠰᠠᠪᠠ ᠭᠠᠵᠠᠷ ᠤᠨ ᠤᠰᠤ | ᠬᠠᠳᠠᠭᠠᠯᠠᠵᠦ ᠭᠠᠳᠠᠭᠰᠢᠯᠠᠭᠤᠯᠬᠤ ᠰᠢᠰᠲ᠋ᠧᠮᠵᠢ ᠶᠢ ᠪᠠᠬᠢᠵᠢᠭᠦᠯᠵᠦ᠂ ᠬᠥᠬᠡᠬᠤᠲᠠ ᠶᠢᠨ ᠡᠮᠦᠨᠡᠲᠦ ᠬᠡᠰᠡᠭ ᠤᠨ | ᠪᠣᠬᠢᠷᠲᠤᠯ ᠦᠭᠡᠢ ᠠᠮᠢ ᠠᠬᠤᠢ ᠶᠢᠨ ᠬᠠᠯᠬᠠᠪᠴᠢ ᠶᠢ ᠪᠣᠶ ᠪᠣᠯᠭᠠᠵᠤ᠂ ᠶᠡᠭᠡ ᠬᠠᠷ᠎ᠠ ᠭᠤᠣᠯ ᠤᠨ ᠬᠠᠲᠤᠨ ᠭᠤᠣᠯ ᠳᠤ | ᠴᠢᠳᠬᠤᠬᠤ ᠤᠰᠤᠨ ᠤ ᠴᠢᠨᠠᠷ ᠢ ᠪᠠᠲᠤᠯᠠᠨ᠎ᠠ︔ ᠡᠭᠦᠨ ᠤ ᠬᠠᠮᠲᠤ ᠪᠣᠬᠢᠷ ᠤᠰᠤ ᠶᠢ ᠰᠢᠢᠳᠪᠦᠷᠢᠯᠡᠬᠦ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠵᠦ᠂ ᠪᠣᠷᠣᠭᠠᠨ ᠤ ᠤᠰᠤ ᠶᠢ | ᠬᠤᠷᠠᠮᠳᠤᠭᠤᠯᠤᠨ ᠬᠠᠳᠠᠭᠠᠯᠠᠵᠤ ᠠᠰᠢᠭᠯᠠᠬᠤ ᠶᠢ ᠴᠢᠩᠭᠠᠳᠬᠠᠨ᠂ ᠤᠰᠤᠨ ᠤ ᠠᠮᠤᠷ ᠲᠦᠪᠰᠢᠨ᠂ ᠤᠰᠤᠨ ᠤ | ᠣᠷᠴᠢᠨ ᠲᠣᠭᠤᠷᠢᠨ᠂ ᠤᠰᠤᠨ ᠤ ᠡᠬᠢ ᠪᠠᠶᠠᠯᠢᠭ ᠢ ᠵᠣᠬᠢᠴᠠᠯᠳᠤᠭᠤᠯᠤᠨ ᠳᠡᠭᠡᠭᠰᠢᠯᠡᠭᠦᠯᠬᠦ ᠶᠢ ᠪᠡᠶᠡᠯᠡᠭᠦᠯᠵᠦ᠂ | ᠪᠣᠷᠣᠭᠠᠨ ᠤ ᠤᠰᠤᠨ ᠤ ᠡᠬᠢ ᠪᠠᠶᠠᠯᠢᠭ ᠢ ᠠᠰᠢᠭᠯᠠᠬᠤ ᠴᠢᠳᠠᠪᠤᠷᠢ ᠶᠢ ᠵᠢᠯ ᠳᠤ 144 ᠲᠦᠮᠡᠨ ᠪᠣᠰᠤᠭ᠎ᠠ | ᠳᠥᠷᠪᠡᠯᠵᠢᠨ ᠮᠧᠲᠷ ᠲᠤ ᠬᠦᠷᠭᠡᠵᠦ᠂ ᠤᠰᠤ ᠨᠡᠪᠴᠢᠬᠦ ᠭᠠᠵᠠᠷ ᠤᠨ ᠭᠠᠳᠠᠷᠭᠤ ᠶᠢᠨ ᠲᠠᠯᠠᠪᠠᠶ ᠶᠢᠨ ᠬᠠᠷᠢᠴᠠᠯ ᠢ 42. | 15% ᠳᠤ ᠬᠦᠷᠭᠡᠨ᠎ᠡ᠃ | ᠬᠠᠶᠢᠮᠢᠶᠠᠨ ᠬᠤᠳᠠ ᠶᠢᠨ ᠰᠠᠭᠤᠷᠢ ᠲᠥᠬᠦᠭᠡᠷᠦᠮᠵᠢ ᠠᠴᠠ ᠪᠠᠷᠢᠯᠭ᠎ᠠ ᠠᠴᠠ ᠬᠤᠭ ᠨᠣᠪᠰᠢ ᠶᠢᠨ ᠬᠡᠮᠵᠢᠶ᠎ᠡ ᠶᠢ | ᠪᠠᠭᠠᠰᠬᠠᠨ ᠰᠢᠢᠳᠪᠦᠷᠢᠯᠡᠬᠦ ᠬᠦᠷᠲᠡᠯ᠎ᠡ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠬᠤᠩᠭᠢᠯ ᠤᠨ ᠣᠶᠤᠨᠴᠢ | ᠠᠵᠢᠯᠯᠠᠭᠠᠨ ᠠᠴᠠ ᠣᠷᠣᠨ ᠰᠠᠭᠤᠴᠠ ᠶᠢᠨ ᠣᠷᠣᠨ ᠪᠦᠰᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠪᠠᠷᠢᠮᠵᠢᠶ᠎ᠠ ᠶᠢ ᠳᠡᠭᠡᠭᠰᠢᠯᠡᠭᠦᠯᠬᠦ ᠬᠦᠷᠲᠡᠯ᠎ᠡ᠂ ︽ᠴᠡᠴᠡᠷᠯᠢᠭᠳᠦ︾ ᠠᠮᠢ ᠠᠬᠤᠢ ᠶᠢᠨ ᠬᠤᠳᠠ ᠶᠢ ᠠᠭᠠᠵᠢᠮ ᠪᠦᠳᠦᠭᠡᠨ | ᠪᠠᠶᠢᠭᠤᠯᠤᠨ᠎ᠠ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠠᠵᠢᠯ ᠢ ᠡᠬᠢᠯᠡᠭᠦᠯᠬᠦ ᠶᠢ ᠳᠠᠭᠠᠯᠳᠤᠨ᠂ ᠡᠨᠡᠬᠦ ᠠᠮᠢᠵᠢᠷᠠᠯ ᠤᠨ ᠬᠦᠴᠦᠨ ᠲᠠᠢ ᠬᠤᠳᠠ ᠨᠢ ᠶᠠᠭ ᠪᠤᠬᠢᠷᠳᠤᠯ ᠦᠭᠡᠢ | ᠬᠦᠭᠵᠢᠯᠳᠡ ᠪᠠᠷ ᠰᠠᠭᠤᠷᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ | ᠪᠠᠶᠢᠨ᠎ᠠ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |