ᠲᠠᠪᠬᠤᠷᠯᠢᠭ ᠤᠨ ᠥᠨᠳᠥᠷ ᠢ 3 ᠮᠧᠲᠷ ᠠᠴᠠ ᠳᠣᠣᠷ᠎ᠠ ᠪᠠᠶᠢᠯᠭᠠᠵᠦ ᠪᠣᠯᠬᠤ ᠦᠭᠡᠢ᠂ 4 ᠳ᠋ᠤᠭᠡᠷ | ᠲᠠᠪᠬᠤᠷᠯᠢᠭ ᠠᠴᠠ ᠳᠡᠭᠡᠭᠰᠢᠬᠢ ᠣᠷᠣᠨ ᠰᠠᠭᠤᠴᠠ ᠳᠤ ᠴᠠᠬᠢᠯᠭᠠᠨ ᠱᠠᠲᠤ ᠲᠤᠬᠢᠷᠠᠭᠤᠯᠤᠨ᠎ᠠ ᠁ ᠤᠯᠤᠰ ᠤᠨ | ᠪᠠᠷᠢᠮᠵᠢᠶ᠎ᠠ ︽ᠣᠷᠣᠨ ᠰᠠᠭᠤᠴᠠ ᠶᠢᠨ ᠲᠥᠷᠥᠯ ᠵᠦᠢᠯ ᠤᠨ ᠵᠢᠷᠤᠮᠵᠢᠯ︾ ᠢ ᠨᠡᠶᠢᠲᠡᠯᠡᠨ ᠬᠡᠷᠡᠭᠵᠢᠭᠦᠯᠦᠭᠰᠡᠨ ᠤ | ᠳᠠᠷᠠᠭ᠎ᠠ ᠣᠯᠠᠨ ᠤ ᠠᠩᠬᠠᠷᠤᠯ ᠢ ᠥᠷᠭᠡᠨ ᠢᠶᠠᠷ ᠲᠠᠲᠠᠪᠠ᠃ ᠣᠷᠣᠨ ᠰᠠᠭᠤᠴᠠ ᠶᠢᠨ ᠠᠶᠤᠯᠭᠦᠢ ᠴᠢᠨᠠᠷ ᠢ ᠪᠠᠲᠤᠯᠠᠬᠤ | ᠲᠠᠯ᠎ᠠ ᠪᠠᠷ ᠵᠢᠷᠤᠮᠵᠢᠯ ᠳᠤ ᠶᠠᠮᠠᠷ ᠶᠠᠮᠠᠷ ᠲᠣᠭᠲᠠᠭᠠᠯ ᠪᠠᠶᠢᠬᠤ ᠪᠣᠶ︖ ᠣᠷᠣᠨ ᠰᠠᠭᠤᠴᠠ ᠶᠢᠨ ᠡᠷᠡᠭᠦᠯ ᠮᠡᠨᠳᠦ | ᠲᠠᠭᠠᠯᠠᠮᠵᠢᠲᠠᠢ ᠪᠠᠶᠢᠬᠤ ᠬᠢᠷᠢ ᠲᠦᠪᠰᠢᠨ ᠢ ᠬᠡᠷᠬᠢᠨ ᠳᠡᠭᠡᠭᠰᠢᠯᠡᠭᠦᠯᠬᠦ ᠪᠣᠶ︖ ᠲᠠᠷᠠᠭᠠᠴᠢ ᠶᠢᠨ ᠠᠯᠬᠤᠮ ᠳᠤ ᠬᠡᠷᠬᠢᠨ | ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠪᠤᠢ︖ | ︽ᠣᠷᠣᠨ ᠰᠠᠭᠤᠴᠠ ᠶᠢᠨ ᠲᠥᠷᠥᠯ ᠵᠦᠢᠯ ᠤᠨ ᠵᠢᠷᠤᠮᠵᠢᠯ︾ ᠢ ᠡᠨᠡ ᠵᠢᠯ ᠤᠨ 5 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠪᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠤ ᠪᠠᠷᠢᠮᠵᠢᠶ᠎ᠠ ᠨᠣᠷᠮ᠎ᠠ ᠶᠢᠨ ᠵᠤᠷᠭᠠᠨ ᠤ ᠬᠠᠷᠢᠭᠤᠴᠠᠯᠭᠠᠲᠠᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ 5 ᠤ ᠡᠳᠦᠷ ᠬᠢᠭᠰᠡᠨ ︽ᠣᠷᠣᠨ ᠰᠠᠭᠤᠴᠠ ᠶᠢᠨ | ᠲᠥᠷᠥᠯ ᠵᠦᠢᠯ ᠤᠨ ᠵᠢᠷᠤᠮᠵᠢᠯ︾ ᠢ ᠬᠡᠷᠡᠭᠵᠢᠭᠦᠯᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ | ᠢᠯᠡᠷᠬᠡᠶᠢᠯᠡᠬᠦ ᠳᠡᠭᠡᠨ᠂ ᠤᠤᠯ ᠤᠨ ᠬᠤᠯᠪᠣᠭᠳᠠᠯ ᠪᠦᠬᠦᠢ ᠪᠠᠷᠢᠮᠵᠢᠶ᠎ᠠ ᠶᠢ ᠵᠠᠯᠭᠠᠮᠵᠢᠯᠠᠬᠤ ᠪᠠ ᠰᠢᠨ᠎ᠡ ᠶᠢ ᠡᠭᠦᠳᠦᠨ | ᠳᠡᠭᠡᠭᠰᠢᠯᠡᠭᠦᠯᠬᠦ ᠶᠢ ᠵᠢᠷᠤᠮᠵᠢᠭᠤᠯᠤᠨ ᠪᠡᠶᠡᠯᠡᠭᠦᠯᠵᠦ᠂ ᠮᠡᠷᠭᠡᠵᠢᠯ ᠤᠨ ᠱᠠᠭᠠᠷᠳᠠᠯᠭ᠎ᠠ ᠨᠢ ᠵᠦᠢ ᠵᠣᠬᠢᠰᠲᠠᠢ᠂ | ᠪᠠᠷᠢᠮᠵᠢᠶ᠎ᠠ ᠶᠢᠨ ᠲᠦᠪᠰᠢᠨ ᠨᠢ ᠵᠣᠬᠢᠰᠲᠠᠢ ᠪᠠᠶᠢᠵᠤ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠡᠶᠢᠴᠡᠵᠦ᠂ ︽ᠰᠠᠶᠢᠨ ᠭᠡᠷ ᠪᠠᠶᠢᠰᠢᠩ︾ ᠤᠨ ᠪᠦᠲᠦᠭᠡᠨ | ᠪᠠᠶᠢᠭᠤᠯᠤᠯᠲᠠ ᠶᠢᠨ ᠬᠤᠷᠢᠭ᠎ᠠ ᠱᠤᠭᠤᠮ ᠤᠨ ᠱᠠᠭᠠᠷᠳᠠᠯᠭ᠎ᠠ ᠪᠣᠯᠵᠤ᠂ ︽ᠰᠠᠶᠢᠨ ᠭᠡᠷ ᠪᠠᠶᠢᠰᠢᠩ︾ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠳᠤ ᠬᠦᠴᠦᠲᠡᠢ ᠬᠥᠲᠥᠯᠥᠨ ᠳᠠᠭᠠᠭᠤᠯᠬᠤ ᠪᠠ ᠲᠤᠯᠭᠠᠭᠤᠷᠢᠯᠠᠬᠤ ᠦᠢᠯᠡᠳᠦᠯ | ᠦᠵᠡᠭᠦᠯᠪᠡ ᠭᠡᠪᠡ᠃ | ︽ᠠᠮᠤᠷ ᠲᠦᠪᠰᠢᠨ ᠢ ᠪᠠᠲᠤᠯᠠᠬᠤ︾ ᠪᠣᠯ ᠣᠷᠣᠨ ᠰᠠᠭᠤᠴᠠ ᠶᠢᠨ ᠲᠥᠷᠥᠯ ᠵᠦᠢᠯ ᠤᠨ ᠦᠨᠳᠦᠰᠦᠨ | ᠱᠠᠭᠠᠷᠳᠠᠯᠭ᠎ᠠ ᠪᠠ ᠲᠡᠷᠢᠭᠦᠨ ᠴᠢᠬᠤᠯᠠ ᠬᠠᠷᠠᠯᠲᠠ ᠮᠥᠨ᠃ | ᠣᠷᠣᠨ ᠰᠠᠭᠤᠴᠠ ᠶᠢᠨ ᠪᠠᠷᠢᠯᠭ᠎ᠠ ᠶᠢᠨ ᠪᠦᠲᠦᠴᠡ ᠶᠢᠨ ᠠᠶᠤᠯᠭᠦᠢ ᠶᠢᠨ ᠵᠡᠷᠭᠡ ᠳᠡᠰ ᠢ ᠬᠤᠶᠠᠳᠤᠭᠠᠷ ᠳᠡᠰ ᠠᠴᠠ | ᠲᠤᠤᠷ᠎ᠠ ᠪᠠᠶᠢᠯᠭᠠᠵᠤ ᠪᠤᠯᠬᠤ ᠦᠭᠡᠢ︔ ᠣᠷᠣᠨ ᠰᠠᠭᠤᠴᠠ ᠶᠢᠨ ᠪᠠᠷᠢᠯᠭ᠎ᠠ ᠳᠤ ᠡᠷᠬᠡᠪᠰᠢ ᠭᠠᠵᠠᠷ ᠬᠥᠳᠡᠯᠦᠯᠲᠡ ᠶᠢ | ᠳᠠᠭᠠᠭᠠᠬᠤ ᠵᠢᠷᠤᠭ ᠲᠥᠯᠥᠪᠯᠡᠭᠡ ᠬᠢᠬᠦ ᠬᠡᠷᠡᠭᠲᠡᠢ ᠮᠥᠷᠲᠡᠭᠡᠨ ᠭᠠᠵᠠᠷ ᠬᠥᠳᠡᠯᠦᠯᠲᠡ ᠶᠢ ᠳᠠᠭᠠᠭᠠᠬᠤ | ᠰᠡᠷᠭᠡᠶᠢᠯᠡᠯᠲᠡ ᠶᠢᠨ ᠲᠥᠷᠥᠯ ᠵᠦᠢᠯ ᠢ ᠪᠠᠷᠢᠮᠵᠢᠶᠠᠲᠤ ᠰᠡᠷᠭᠡᠶᠢᠯᠡᠯᠲᠡ ᠶᠢᠨ ᠲᠥᠷᠥᠯ ᠠᠴᠠ ᠳᠣᠣᠷ᠎ᠠ ᠪᠠᠶᠢᠯᠭᠠᠵᠤ | ᠪᠣᠯᠬᠤ ᠦᠭᠡᠢ︔ ᠭᠡᠷ ᠤᠨ ᠴᠠᠬᠢᠯᠭᠠᠨ ᠡᠭᠦᠰᠬᠡᠭᠴᠢ ᠶᠢᠨ ᠤᠭᠯᠠᠭᠤᠷᠭ᠎ᠠ ᠳᠤ ︽ᠴᠠᠬᠢᠯᠭᠠᠨ ᠯᠠᠪᠠᠷᠠᠬᠤ ᠶᠢ | ᠬᠠᠮᠠᠭᠠᠯᠠᠬᠤ ᠪᠠᠭᠠᠵᠢ︾ ᠤᠭᠰᠠᠷᠠᠨ᠎ᠠ︔ ᠠᠭᠠᠷ ᠲᠣᠬᠢᠷᠠᠭᠤᠯᠤᠭᠴᠢ ᠶᠢᠨ ᠭᠡᠷ ᠤᠨ ᠭᠠᠳᠠᠨᠠᠬᠢ ᠮᠠᠰᠢᠨ ᠢ | ᠳᠤᠷ᠎ᠠ ᠪᠠᠷ ᠢᠶᠠᠨ ᠡᠯᠭᠦᠵᠦ ᠪᠣᠯᠬᠤ ᠦᠭᠡᠢ᠂ ᠡᠷᠬᠡᠪᠰᠢ ᠲᠤᠰᠬᠠᠢ ᠤᠭᠰᠠᠷᠠᠬᠤ ᠲᠠᠪᠴᠠᠩ ᠲᠠᠢ ᠪᠠᠶᠢᠬᠤ ᠬᠡᠷᠡᠭᠲᠡᠢ ᠁ | ᠵᠢᠷᠤᠮᠵᠢᠯ ᠨᠢ ᠪᠦᠲᠦᠴᠡ ᠪᠠ ᠭᠠᠵᠠᠷ ᠬᠥᠳᠡᠯᠦᠯᠲᠡ ᠶᠢ ᠳᠠᠭᠠᠭᠠᠬᠤ ᠠᠮᠤᠷ ᠲᠦᠪᠰᠢᠨ᠂ ᠭᠠᠯ ᠰᠡᠷᠭᠡᠶᠢᠯᠡᠬᠦ ᠠᠮᠤᠷ | ᠲᠦᠪᠰᠢᠨ᠂ ᠴᠠᠬᠢᠯᠭᠠᠨ ᠬᠡᠷᠡᠭᠯᠡᠬᠦ ᠠᠮᠤᠷ ᠲᠦᠪᠰᠢᠨ᠂ ᠰᠢᠲᠠᠮᠠᠬᠠᠢ ᠬᠡᠢ ᠶᠢᠨ ᠠᠮᠤᠷ ᠲᠦᠪᠰᠢᠨ᠂ ᠥᠨᠳᠥᠷ ᠠᠴᠠ | ᠤᠨᠠᠬᠤ ᠶᠢ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠬᠤ ᠠᠮᠤᠷ ᠲᠦᠪᠰᠢᠨ ᠵᠡᠷᠭᠡ ᠵᠢᠷᠭᠤᠭᠠᠨ ᠲᠠᠯ᠎ᠠ ᠠᠴᠠ | ᠭᠠᠷᠳᠠᠵᠤ᠂ ᠣᠷᠣᠨ ᠰᠠᠭᠤᠴᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ | ᠳᠤᠮᠳᠠᠳᠤ ᠤᠯᠤᠰ ᠤᠨ ᠪᠠᠷᠢᠯᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ | ᠬᠢᠵᠠᠭᠠᠷᠲᠤ ᠺᠣᠮᠫᠠᠨᠢ ᠶᠢᠨ ᠳᠡᠭᠡᠳᠦ ᠲᠡᠰ ᠤᠨ ᠢᠨᠵᠧᠨᠧᠷ ᠸᠠᠩ ᠴᠢᠩ ᠴᠢᠨ ᠬᠡᠯᠡᠬᠦ ᠳᠡᠭᠡᠨ᠂ ᠤᠯᠠᠨ ᠤ ᠠᠩᠬᠠᠷᠴᠤ | ᠪᠠᠶᠢᠭ᠎ᠠ ᠮᠡᠳᠡᠭᠡ ᠬᠤᠯᠪᠣᠭᠠᠨ ᠤ ᠲᠤᠬᠢᠶ᠎ᠠ ᠶᠢᠨ ᠠᠰᠠᠭᠤᠳᠠᠯ ᠤᠨ ᠲᠤᠬᠠᠢ ᠵᠢᠷᠤᠮᠵᠢᠯ ᠳᠤ ᠬᠤᠯᠪᠣᠭᠳᠠᠯ ᠪᠦᠬᠦᠢ | ᠲᠣᠭᠲᠠᠭᠠᠯ ᠭᠠᠷᠭᠠᠵᠤ᠂ ᠭᠠᠵᠠᠷ ᠳᠣᠣᠷᠠᠬᠢ ᠲᠡᠷᠭᠡᠨ ᠵᠣᠭᠰᠣᠭᠠᠯ᠂ ᠴᠠᠬᠢᠯᠭᠠᠨ ᠱᠠᠲᠤ ᠶᠢᠨ ᠰᠠᠭᠤᠳᠠᠯ ᠤᠨ ᠥᠷᠥᠭᠡ | ᠵᠡᠷᠭᠡ ᠡᠩ ᠤᠨ ᠦᠶ᠎ᠡ ᠳᠤ ᠠᠮᠠᠷᠬᠠᠨ ︽ᠳᠣᠬᠢᠶ᠎ᠠ ᠮᠠᠭᠤᠳᠠᠢ︾ ᠭᠠᠵᠠᠷ ᠲᠤ ᠮᠡᠳᠡᠭᠡ ᠬᠤᠯᠪᠣᠭᠠᠨ ᠤ ᠲᠤᠬᠢᠶ᠎ᠠ ᠶᠢᠨ | ᠪᠦᠷᠬᠦᠴᠡ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃ ︽ᠲᠡᠷᠭᠡᠨ ᠵᠣᠭᠰᠣᠭᠠᠯ ᠳᠤ ᠰᠠᠨᠠᠭᠠᠨ ᠳᠤ ᠦᠭᠡᠢ ᠪᠠᠷ | ᠤᠨᠠᠵᠤ ᠰᠢᠷᠬᠠᠲᠤᠬᠤ᠂ ᠡᠰᠡᠬᠦᠯ᠎ᠡ ᠭᠡᠨᠡᠳᠲᠡ ᠡᠪᠡᠳᠴᠢᠯᠡᠬᠦ᠂ ᠡᠰᠡᠬᠦᠯ᠎ᠡ ᠴᠠᠬᠢᠯᠭᠠᠨ ᠱᠠᠲᠤᠨ ᠳᠤ ᠬᠠᠰᠢᠭᠳᠠᠬᠤ ᠳᠤ | ᠬᠦᠷᠪᠡᠯ ᠲᠡᠷᠡ ᠳᠠᠷᠤᠢ ᠳᠤᠨᠢ ᠤᠲᠠᠰᠤ ᠠᠪᠴᠤ ᠲᠤᠰᠠᠯᠠᠮᠵᠢ ᠭᠤᠶᠤᠵᠤ ᠪᠣᠯᠣᠨ᠎ᠠ᠂ ᠡᠨᠡᠬᠦ ︿ᠲᠤᠬᠢᠶ᠎ᠠ ᠶᠢᠨ ᠠᠮᠤᠷ | ᠲᠦᠪᠰᠢᠨ ᠤ ᠰᠡᠳᠬᠢᠭᠳᠡᠯ﹀ ᠪᠣᠯ ᠠᠶᠤᠯ ᠲᠦᠭᠰᠢᠭᠦᠷᠢᠲᠡᠢ ᠦᠶ᠎ᠡ ᠶᠢᠨ ︿ᠠᠮᠢ ᠠᠪᠤᠷᠠᠬᠤ ᠳᠣᠬᠢᠶ᠎ᠠ﹀ ᠮᠥᠨ︾ | ᠭᠡᠵᠡᠢ᠃ | ᠠᠮᠢᠳᠤᠷᠠᠯ ᠤᠨ ᠬᠢᠷᠢ ᠲᠦᠪᠰᠢᠨ ᠤ ᠳᠡᠭᠡᠭᠰᠢᠯᠡᠬᠦ ᠶᠢ ᠳᠠᠭᠠᠯᠳᠤᠨ᠂ ᠬᠥᠮᠥᠰ ᠣᠷᠣᠨ ᠰᠠᠭᠤᠴᠠ ᠶᠢᠨ ᠡᠷᠡᠭᠦᠯ | ᠮᠡᠨᠳᠦ ᠲᠠᠭᠠᠯᠠᠮᠵᠢᠲᠠᠢ ᠴᠢᠨᠠᠷ ᠢ ᠨᠠᠩ ᠢᠯᠡᠭᠦᠦ ᠠᠩᠬᠠᠷᠬᠤ ᠪᠣᠯᠵᠠᠢ᠃ ᠵᠢᠷᠤᠮᠵᠢᠯ ᠨᠢ ᠶᠠᠮᠠᠷ ᠶᠠᠮᠠᠷ ᠲᠠᠯ᠎ᠠ ᠪᠠᠷ | ᠣᠷᠣᠨ ᠰᠠᠭᠤᠴᠠ ᠶᠢᠨ ᠡᠷᠡᠭᠦᠯ ᠮᠡᠨᠳᠦ ᠲᠠᠭᠠᠯᠠᠮᠵᠢᠲᠠᠢ ᠪᠠᠶᠢᠬᠤ ᠬᠢᠷᠢ ᠲᠦᠪᠰᠢᠨ ᠤ ᠳᠡᠭᠡᠭᠰᠢᠯᠡᠯᠲᠡ ᠶᠢ | ᠢᠯᠡᠷᠡᠭᠦᠯᠦᠭᠰᠡᠨ ᠪᠣᠶ︖ | ᠳᠤᠮᠳᠠᠳᠤ ᠤᠯᠤᠰ ᠤᠨ ᠪᠠᠷᠢᠯᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ | ᠬᠢᠵᠠᠭᠠᠷᠲᠤ ᠺᠣᠮᠫᠠᠨᠢ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠬᠦᠷᠢᠶᠡᠯᠡᠩ ᠤᠨ ᠶᠡᠷᠦᠩᠬᠡᠢ ᠪᠠᠷᠢᠯᠭᠠᠴᠢᠨ ᠽᠧᠩ | ᠢᠦᠢ᠂ ᠵᠢᠷᠤᠮᠵᠢᠯ ᠨᠢ ᠣᠳᠣᠬᠠᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠲᠠᠭᠠᠯᠠᠮᠵᠢᠲᠠᠢ ᠣᠷᠴᠢᠨ ᠲᠣᠭᠤᠷᠢᠨ ᠤ | ᠬᠡᠷᠡᠭᠴᠡᠭᠡ ᠶᠢ ᠭᠦᠢᠴᠡᠳ ᠪᠣᠳᠣᠯᠬᠢᠯᠠᠵᠤ᠂ ᠲᠠᠪᠬᠤᠷᠯᠢᠭ ᠤᠨ ᠥᠨᠳᠥᠷ᠂ ᠴᠠᠬᠢᠯᠭᠠᠨ ᠱᠠᠲᠤ ᠶᠢᠨ ᠲᠣᠬᠢᠷᠠᠭᠤᠯᠤᠯᠲᠠ᠂ | ᠨᠡᠷᠡᠨ ᠤ ᠲᠤᠰᠤᠯᠲᠠ᠂ ᠳᠤᠯᠠᠭᠠᠯᠠᠭ᠎ᠠ ᠵᠡᠷᠭᠡ ᠳᠤ ᠤᠯᠠᠨ ᠲᠠᠯ᠎ᠠ ᠪᠠᠷ ᠬᠠᠮᠢᠶ᠎ᠠ ᠪᠦᠬᠦᠢ ᠪᠣᠳᠠᠲᠠᠢ ᠱᠠᠭᠠᠷᠳᠠᠯᠭ᠎ᠠ ᠶᠢ | ᠲᠣᠳᠣᠷᠬᠠᠶᠢᠯᠠᠵᠤ᠂ ᠤᠯᠠᠨ ᠲᠦᠮᠡᠨ ᠤ ᠡᠳᠦᠷ ᠳᠤᠳᠤᠮ ᠤᠨ ᠣᠷᠣᠰᠢᠨ ᠰᠠᠭᠤᠬᠤ ᠡᠪᠡᠷᠰᠢᠶᠡᠯ ᠠᠰᠠᠭᠤᠳᠠᠯ ᠢ | ᠰᠢᠢᠳᠪᠦᠷᠢᠯᠡᠬᠦ ᠪᠠᠷ ᠵᠤᠷᠢᠯᠭ᠎ᠠ ᠪᠤᠯᠭᠠᠵᠤ᠂ ᠬᠠᠨᠳᠤᠯᠭᠠᠳᠤ ᠴᠢᠨᠠᠷᠲᠠᠢ ᠪᠠᠷ ᠪᠠᠷᠢᠮᠵᠢᠶ᠎ᠠ ᠶᠢᠨ ᠲᠦᠪᠰᠢᠨ ᠢ | ᠳᠡᠭᠡᠭᠰᠢᠯᠡᠭᠦᠯᠵᠡᠢ ᠭᠡᠵᠦ ᠬᠡᠯᠡᠪᠡ᠃ | ᠵᠢᠷᠤᠮᠵᠢᠯ ᠳᠤ᠂ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ᠪᠠᠷᠢᠯᠭ᠎ᠠ ᠶᠢᠨ ᠲᠠᠪᠬᠤᠷᠯᠢᠭ ᠤᠨ | ᠥᠨᠳᠥᠷ ᠢ 3.0 ᠮᠧᠲᠷ ᠠᠴᠠ ᠳᠣᠣᠷ᠎ᠠ ᠪᠠᠶᠢᠯᠭᠠᠵᠤ ᠪᠤᠯᠬᠤ ᠦᠭᠡᠢ ᠭᠡᠵᠦ ᠱᠠᠭᠠᠷᠳᠠᠵᠤ᠂ ᠤᠤᠯ ᠤᠨ | ᠪᠠᠷᠢᠮᠵᠢᠶ᠎ᠠ ᠶᠢᠨ ᠰᠠᠭᠤᠷᠢᠨ ᠳᠡᠭᠡᠷ᠎ᠡ 20 ᠰᠠᠨᠲ᠋ᠢᠮᠧᠲᠷ ᠳᠡᠭᠡᠭᠰᠢᠯᠡᠭᠦᠯᠪᠡ᠃ ᠽᠧᠩ ᠢᠦᠢ ᠬᠡᠯᠡᠬᠦ ᠳᠡᠭᠡᠨ᠂ | ᠲᠠᠪᠬᠤᠷᠯᠢᠭ ᠤᠨ ᠥᠨᠳᠥᠷ ᠢ ᠨᠡᠮᠡᠭᠳᠡᠭᠦᠯᠬᠦ ᠨᠢ ᠣᠷᠣᠨ ᠵᠠᠢ ᠶᠢᠨ ᠲᠠᠭᠠᠯᠠᠮᠵᠢᠳᠤ ᠴᠢᠨᠠᠷ ᠢ ᠳᠡᠭᠡᠭᠰᠢᠯᠡᠭᠦᠯᠬᠦ ᠳᠤ | ᠠᠰᠢᠭᠲᠠᠢ ᠪᠠᠶᠢᠵᠤ᠂ ᠥᠷᠥᠭᠡ ᠨᠢ ᠨᠠᠩ ᠰᠠᠶᠢᠨ ᠪᠠᠶᠢᠭᠠᠯᠢ ᠶᠢᠨ ᠬᠡᠷᠡᠯ ᠤᠨ ᠲᠤᠰᠤᠯᠲᠠ᠂ ᠪᠠᠶᠢᠭᠠᠯᠢ ᠶᠢᠨ ᠰᠠᠯᠬᠢ | ᠨᠡᠪᠲᠡᠷᠡᠬᠦ ᠪᠠ ᠠᠭᠠᠷ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠮᠦᠷᠳᠡᠭᠡᠨ ᠮᠠᠨ ᠤ ᠤᠯᠤᠰ ᠤᠨ ᠬᠥᠮᠥᠨ | ᠳᠤᠮᠳᠠᠴᠢ ᠶᠢᠨ ᠪᠡᠶ᠎ᠡ ᠶᠢᠨ ᠥᠨᠳᠥᠷ ᠤᠨ ᠨᠡᠮᠡᠭᠳᠡᠯ ᠳᠤ ᠴᠦ ᠵᠣᠬᠢᠴᠠᠨ᠎ᠠ᠃ ᠡᠭᠦᠨ ᠤ ᠵᠡᠷᠭᠡᠴᠡᠭᠡᠪᠡᠷ᠂ | ᠲᠠᠪᠬᠤᠷᠯᠢᠭ ᠤᠨ ᠥᠨᠳᠥᠷ ᠢ ᠨᠡᠮᠡᠭᠳᠡᠭᠦᠯᠬᠦ ᠨᠢ ᠵᠠᠰᠠᠵᠤ ᠴᠢᠮᠡᠭᠯᠡᠬᠦ᠂ ᠥᠭᠡᠷᠡᠴᠢᠯᠡᠬᠦ ᠳᠤ ᠨᠡᠩ ᠭᠦᠢᠴᠡᠳ ᠣᠷᠣᠨ | ᠵᠠᠢ ᠶᠢᠨ ᠨᠥᠬᠦᠴᠡᠯ ᠢ ᠬᠠᠩᠭᠠᠭᠰᠠᠨ ᠪᠠᠶᠢᠨ᠎ᠠ ᠭᠡᠵᠡᠢ᠃ | ᠨᠡᠷᠡᠨ ᠤ ᠲᠤᠰᠤᠯᠲᠠ ᠨᠢ ᠬᠥᠮᠥᠨ ᠤ ᠪᠡᠶ᠎ᠡ ᠮᠠᠬᠠᠪᠤᠳ ᠪᠠ ᠰᠡᠳᠬᠢᠴᠡ ᠶᠢᠨ ᠡᠷᠡᠭᠦᠯ ᠮᠡᠨᠳᠦ ᠶᠢ | ᠪᠠᠲᠤᠯᠠᠬᠤ ᠳᠤ ᠪᠦᠷ ᠲᠤᠶᠢᠯ ᠤᠨ ᠴᠢᠬᠤᠯᠠ ᠦᠢᠯᠡᠳᠦᠯ ᠲᠠᠢ ᠶᠤᠮ᠃ ᠵᠢᠷᠤᠮᠵᠢᠯ ᠳᠤ ᠱᠠᠭᠠᠷᠳᠠᠭᠰᠠᠨ ᠨᠢ᠂ ᠣᠷᠣᠨ | ᠰᠠᠭᠤᠴᠠ ᠨᠢᠭᠡᠪᠦᠷᠢ ᠳᠤ ᠨᠠᠭᠠᠲᠤ ᠵᠠᠬ᠎ᠠ ᠳᠠᠭᠠᠨ ᠨᠢᠭᠡ ᠤᠨᠲᠠᠬᠤ ᠥᠷᠥᠭᠡ ᠶᠢᠨ ︽ᠨᠡᠷᠡᠨ ᠤ ᠲᠤᠰᠤᠯᠲᠠ︾ ᠶᠢᠨ | ᠪᠠᠷᠢᠮᠵᠢᠶ᠎ᠠ ᠳᠤ ᠬᠦᠷᠭᠡᠬᠦ ᠬᠡᠷᠡᠭᠳᠡᠢ᠃ ᠽᠧᠩ ᠢᠦᠢ ᠲᠠᠶᠢᠯᠪᠤᠷᠢᠯᠠᠬᠤ ᠳᠠᠭᠠᠨ᠂ ᠡᠨᠡ ᠬᠦ ᠲᠣᠭᠲᠠᠭᠠᠯ ᠨᠢ ᠨᠡᠷᠡᠨ ᠤ | ᠲᠤᠰᠤᠯᠲᠠ ᠶᠢᠨ ᠪᠠᠷᠢᠮᠵᠢᠶ᠎ᠠ ᠶᠢ ᠣᠷᠣᠨ ᠰᠠᠭᠤᠴᠠ᠂ ᠡᠷᠦᠬᠡ ᠪᠦᠷᠢ ᠳᠤ ᠨᠠᠩ ᠰᠠᠶᠢᠨ ᠨᠠᠶᠢᠳᠠᠪᠤᠷᠢᠵᠢᠭᠤᠯᠵᠤ᠂ | ᠨᠡᠷᠡᠨ ᠤ ᠲᠤᠰᠤᠯᠲᠠ ᠶᠢᠨ ᠪᠠᠷᠢᠮᠵᠢᠶ᠎ᠠ ᠶᠢᠨ ᠲᠦᠭᠡᠮᠡᠯ ᠬᠠᠷᠠᠭᠠᠯᠵᠠᠯ ᠤᠨ ᠴᠢᠨᠠᠷ ᠢ ᠤᠯᠠᠮ ᠨᠢᠭᠡ ᠠᠯᠬᠤᠮ | ᠴᠢᠩᠭᠠᠳᠬᠠᠪᠠ ᠭᠡᠵᠡᠢ᠃ ᠵᠢᠱᠢᠶᠡᠯᠡᠪᠡᠯ ᠪᠡᠭᠡᠵᠢᠩ ᠳᠤ᠂ ᠡᠪᠦᠯ ᠤᠨ ᠡᠳᠦᠷ ᠤᠨ 2 ᠴᠠᠭ ᠤᠨ ᠨᠡᠷᠡᠨ ᠤ | ᠲᠤᠰᠤᠯᠲᠠ ᠶᠢᠨ ᠪᠠᠷᠢᠮᠵᠢᠶ᠎ᠠ ᠶᠢ ᠬᠠᠩᠭᠠᠬᠤ ᠬᠡᠷᠡᠭᠲᠡᠢ᠂ ᠳᠠᠷᠤᠢ ᠡᠪᠦᠯ ᠤᠨ ᠡᠳᠦᠷ ᠲᠤ ᠣᠷᠣᠨ ᠰᠠᠭᠤᠴᠠ ᠪᠦᠷᠢ ᠳᠤ | ᠨᠠᠭᠠᠲᠤ ᠵᠠᠬ᠎ᠠ ᠳᠠᠭᠠᠨ ᠨᠢᠭᠡ ᠤᠨᠲᠠᠬᠤ ᠥᠷᠥᠭᠡ ᠳᠤ ᠨᠡᠶᠢᠲᠡ 2 ᠴᠠᠭ ᠤᠨ ᠨᠡᠷᠡᠨ ᠤ ᠲᠤᠰᠤᠯᠲᠠ ᠶᠢᠨ ᠴᠠᠭ ᠢ | ᠬᠠᠩᠭᠠᠵᠤ ᠳᠡᠶᠢᠯᠳᠡᠭ᠃ | ᠣᠷᠣᠨ ᠰᠠᠭᠤᠴᠠ ᠶᠢᠨ ᠲᠠᠭᠤᠨ ᠤ ᠣᠷᠴᠢᠨ ᠲᠣᠭᠤᠷᠢᠨ ᠤ ᠲᠠᠯ᠎ᠠ ᠪᠠᠷ᠂ ᠵᠢᠷᠤᠮᠵᠢᠯ ᠳᠤ ᠪᠠᠷᠢᠯᠭ᠎ᠠ ᠶᠢᠨ | ᠲᠥᠬᠦᠭᠡᠷᠦᠮᠵᠢ ᠶᠢᠨ ᠪᠦᠲᠦᠴᠡ ᠶᠢᠨ ᠱᠤᠤᠬᠢᠶᠠᠨ ᠤ ᠬᠢᠵᠠᠭᠠᠷ ᠬᠡᠮᠵᠢᠭᠳᠡᠯ ᠪᠠ ᠠᠷᠢᠭᠤᠨ ᠴᠡᠪᠡᠷ ᠤᠨ ᠲᠠᠰᠤᠯᠭ᠎ᠠ ᠶᠢᠨ | ᠤᠰᠤ ᠲᠠᠲᠠᠷᠠᠭᠤᠯᠬᠤ ᠱᠤᠤᠬᠢᠶᠠᠨ ᠤ ᠬᠢᠵᠠᠭᠠᠷ ᠬᠡᠮᠵᠢᠭᠳᠡᠯ ᠢ ᠲᠣᠭᠲᠠᠭᠠᠵᠤ᠂ ᠬᠡᠷᠡᠮ᠂ ᠡᠭᠦᠳᠡ ᠴᠣᠩᠬᠤ ᠪᠠ | ᠠᠰᠠᠷ ᠤᠨ ᠬᠠᠪᠲᠠᠰᠤ ᠶᠢᠨ ᠲᠠᠭᠤ ᠬᠥᠨᠳᠡᠶᠢᠷᠡᠭᠦᠯᠬᠦ ᠴᠢᠳᠠᠪᠤᠷᠢ ᠶᠢᠨ ᠱᠠᠭᠠᠷᠳᠠᠯᠭ᠎ᠠ ᠶᠢ ᠳᠡᠭᠡᠭᠰᠢᠯᠡᠭᠦᠯᠪᠡ᠃ | ︽ᠨᠢᠭᠡ ᠨᠠᠰᠤᠲᠠᠨ ᠨᠢᠭᠡ ᠨᠢᠯᠬᠠᠰ︾ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠲᠠᠯ᠎ᠠ ᠪᠠᠷ᠂ ᠵᠢᠷᠤᠮᠵᠢᠯ | ᠨᠢ ︽ᠨᠠᠰᠤᠲᠠᠶᠢᠴᠤᠳ ᠲᠤ ᠲᠣᠬᠢᠷᠠᠬᠤ᠂ ᠨᠢᠯᠬᠠᠰ ᠲᠤ ᠲᠣᠬᠢᠷᠠᠬᠤ︾ ᠣᠶᠢᠯᠠᠭᠠᠭᠳᠠᠬᠤᠨ ᠢ ᠨᠡᠯᠢᠶᠡᠳ ᠰᠠᠶᠢᠨ | ᠢᠯᠡᠷᠡᠭᠦᠯᠪᠡ᠃ ᠽᠧᠩ ᠢᠦᠢ ᠬᠡᠯᠡᠬᠦ ᠳᠡᠭᠡᠨ᠂ ᠵᠢᠷᠤᠮᠵᠢᠯ ᠳᠤ ᠣᠷᠣᠨ ᠰᠠᠭᠤᠴᠠ ᠶᠢᠨ ᠲᠣᠭᠤᠷᠢᠭ ᠲᠤ | ᠨᠠᠰᠤᠲᠠᠶᠢᠴᠤᠳ ᠤᠨ ᠠᠵᠢᠯᠯᠠᠭᠠᠨ ᠤ ᠲᠠᠯᠠᠪᠤᠷ ᠭᠠᠷᠭᠠᠬᠤ ᠬᠡᠷᠡᠭᠲᠡᠢ ᠪᠥᠭᠡᠳ ᠰᠠᠭᠤᠭᠠᠯᠢ ᠠᠷᠠᠳ ᠤᠨ | ᠲᠣᠭᠤᠷᠢᠭ ᠤᠨ ᠵᠠᠮ᠂ ᠤᠷᠤᠴᠠ ᠭᠠᠷᠤᠴᠠ᠂ ᠠᠵᠢᠯᠯᠠᠭᠠᠨ ᠤ ᠲᠠᠯᠠᠪᠤᠷ ᠭᠠᠵᠠᠷ ᠢ ᠴᠥᠮ ᠬᠠᠷᠰᠢ ᠰᠠᠭᠠᠳ ᠦᠭᠡᠢ | ᠪᠠᠶᠢᠯᠭᠠᠬᠤ ᠬᠡᠷᠡᠭᠲᠡᠢ ᠭᠡᠵᠦ ᠲᠣᠭᠲᠠᠭᠠᠵᠠᠢ︔ ᠡᠭᠦᠳᠡᠨ ᠪᠣᠱᠤᠭ᠎ᠠ ᠶᠢᠨ ᠥᠨᠳᠥᠷ ᠤᠨ ᠬᠡᠮᠵᠢᠶ᠎ᠡ ᠶᠢ 1.5 | ᠰᠠᠨᠲ᠋ᠢᠮᠧᠲᠷ ᠠᠴᠠ ᠬᠡᠲᠦᠷᠡᠭᠦᠯᠵᠦ ᠪᠣᠯᠬᠤ ᠦᠭᠡᠢ ᠭᠡᠵᠦ ᠲᠣᠭᠲᠠᠭᠠᠭᠰᠠᠨ ᠨᠢ ᠨᠠᠰᠤᠲᠠᠶᠢᠴᠤᠳ ᠤᠨ ᠶᠠᠪᠤᠵᠤ | ᠰᠠᠭᠤᠬᠤ ᠠᠮᠤᠷ ᠲᠦᠪᠰᠢᠨ ᠳᠤ ᠠᠰᠢᠭᠲᠠᠢ ᠶᠤᠮ︔ ᠨᠣᠭᠤᠭᠠᠨ ᠬᠥᠷᠥᠰᠥ ᠶᠢ ᠲᠥᠪᠯᠡᠷᠡᠭᠦᠯᠦᠨ ᠬᠡᠦᠬᠡᠳ ᠤᠨ | ᠬᠥᠳᠡᠯᠭᠡᠭᠡᠨ ᠤ ᠲᠠᠯᠠᠪᠤᠷ ᠭᠠᠷᠭᠠᠵᠤ᠂ ᠭᠤᠯᠭᠤᠭᠤᠷ ᠱᠠᠲᠤ ᠵᠡᠷᠭᠡ ᠲᠥᠬᠦᠭᠡᠷᠦᠮᠵᠢ ᠶᠢ ᠲᠠᠯᠪᠢᠵᠤ ᠬᠡᠦᠬᠡᠳ ᠤᠨ | ᠲᠤᠭᠯᠠᠭᠠᠮ ᠳᠤ ᠬᠠᠩᠭᠠᠵᠤ ᠪᠣᠯᠣᠨ᠎ᠠ︔ ᠨᠠᠷᠠᠪᠴᠢ ᠶᠢᠨ ᠬᠡᠷᠡᠰᠬᠡ ᠶᠢᠨ ᠪᠣᠰᠤᠭ᠎ᠠ ᠴᠢᠭᠯᠡᠯ ᠤᠨ ᠰᠢᠷᠤᠭ ᠤᠨ | ᠬᠤᠭᠤᠷᠣᠨᠳᠣᠬᠢ ᠵᠠᠢ ᠨᠢ 0.11 ᠮᠧᠲᠷ ᠠᠴᠠ ᠬᠡᠲᠦᠷᠡᠬᠦ ᠦᠭᠡᠢ ᠪᠠᠶᠢᠬᠤ ᠶᠢ ᠱᠠᠭᠠᠷᠳᠠᠵᠤ᠂ ᠬᠡᠦᠬᠡᠳ ᠤᠨ | ᠬᠡᠷᠡᠰᠬᠡ ᠶᠢᠨ ᠳᠣᠲᠣᠷ᠎ᠠ ᠠᠴᠠ ᠭᠠᠷᠴᠤ ᠢᠷᠡᠬᠦ ᠶᠢ ᠰᠡᠷᠭᠡᠶᠢᠯᠡᠬᠦ ᠬᠡᠷᠡᠭᠲᠡᠢ᠃ | ᠪᠠᠷᠢᠮᠵᠢᠶ᠎ᠠ ᠶᠢ ᠬᠡᠷᠡᠭᠵᠢᠭᠦᠯᠬᠦ ᠪᠣᠯ ᠪᠦᠬᠦ᠋ᠢᠯᠡ ᠪᠠᠷᠢᠮᠵᠢᠶᠠᠵᠢᠭᠤᠯᠤᠯᠲᠠ ᠶᠢᠨ ᠠᠵᠢᠯᠯᠠᠭ᠎ᠠ ᠶᠢᠨ ᠳᠣᠲᠣᠷᠠᠬᠢ | ᠬᠠᠮᠤᠭ ᠤᠨ ᠴᠢᠬᠤᠯᠠ ᠨᠢᠭᠡ ᠭᠤᠭᠴᠤᠭ᠎ᠠ ᠪᠣᠯᠣᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠤ ᠪᠠᠷᠢᠮᠵᠢᠶ᠎ᠠ ᠨᠣᠷᠮ᠎ᠠ ᠶᠢᠨ ᠵᠤᠷᠭᠠᠨ ᠤ ᠨᠢᠭᠡᠳᠦᠭᠡᠷ ᠳᠡᠰ ᠤᠨ ᠲᠣᠭᠤᠷᠢᠨ | ᠪᠠᠶᠢᠴᠠᠭᠠᠭᠴᠢ ᠸᠠᠩ ᠸᠧᠢ ᠬᠡᠯᠡᠬᠦ ᠳᠡᠭᠡᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠠᠴᠠ ᠵᠢᠷᠤᠮᠵᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠠᠳᠬᠤᠵᠤ | ᠂ ᠤᠯᠤᠰ ᠤᠨ ᠳᠡᠰ ᠳᠠᠪᠬᠤᠷᠭ᠎ᠠ ᠶᠢᠨ ᠬᠤᠯᠪᠣᠭᠳᠠᠯ ᠪᠦᠬᠦᠢ ᠲᠠᠨᠢᠯᠴᠠᠭᠤᠯᠭ᠎ᠠ ᠶᠢᠨ ᠴᠢᠨᠠᠷᠲᠠᠢ ᠪᠠᠷᠢᠮᠵᠢᠶ᠎ᠠ ᠳᠤ | ᠵᠠᠰᠠᠪᠤᠷᠢ ᠣᠷᠣᠭᠤᠯᠬᠤ ᠶᠢᠨ ᠬᠠᠮᠲᠤ᠂ ᠣᠷᠣᠨ ᠨᠤᠲᠤᠭ ᠤᠨ ᠪᠠᠷᠢᠮᠵᠢᠶ᠎ᠠ᠂ ᠪᠦᠯᠬᠦᠮ ᠤᠨ ᠪᠠᠷᠢᠮᠵᠢᠶ᠎ᠠ ᠶᠢ ᠤᠷᠢᠳᠠᠪᠠᠷ | ᠬᠡᠷᠡᠭᠵᠢᠭᠦᠯᠵᠦ ᠤᠷᠢᠳᠠᠪᠠᠷ ᠲᠤᠷᠰᠢᠬᠤ ᠶᠢ ᠵᠢᠯᠣᠭᠤᠳᠤᠨ ᠳᠡᠮᠵᠢᠵᠦ᠂ ᠡᠯ᠎ᠡ ᠭᠠᠵᠠᠷ ᠤᠨ ᠪᠠᠶᠢᠭᠠᠯᠢ ᠶᠢᠨ ᠨᠥᠬᠦᠴᠡᠯ | ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠵᠢᠴᠢ ᠵᠠᠬ᠎ᠠ ᠳᠡᠯᠭᠡᠭᠦᠷ ᠤᠨ ᠬᠠᠩᠭᠠᠯᠭ᠎ᠠ | ᠬᠡᠷᠡᠭᠴᠡᠭᠡ ᠶᠢᠨ ᠪᠠᠶᠢᠳᠠᠯ ᠲᠠᠢ ᠤᠶᠠᠯᠳᠤᠭᠤᠯᠤᠨ᠂ ᠤᠯᠤᠰ ᠤᠨ ᠲᠠᠰ ᠳᠠᠪᠬᠤᠷᠭ᠎ᠠ ᠶᠢᠨ ᠪᠠᠷᠢᠮᠵᠢᠶ᠎ᠠ ᠶᠢᠨ ᠰᠠᠭᠤᠷᠢᠨ | ᠳᠡᠭᠡᠷ᠎ᠡ ᠤᠯᠠᠮ ᠨᠢᠭᠡ ᠠᠯᠬᠤᠮ ᠨᠠᠷᠢᠯᠢᠭᠵᠢᠭᠤᠯᠬᠤ ᠶᠢ ᠰᠦᠪᠡᠭᠴᠢᠯᠡᠵᠦ᠂ ᠬᠤᠯᠪᠣᠭᠳᠠᠯ ᠪᠦᠬᠦᠢ ᠮᠡᠷᠭᠡᠵᠢᠯ ᠤᠨ | ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠳᠡᠭᠡᠭᠰᠢᠯᠡᠭᠦᠯᠦᠨ᠂ ᠬᠤᠯᠪᠣᠭᠳᠠᠯ ᠪᠦᠬᠦᠢ ᠴᠢᠳᠠᠪᠦᠷᠢ᠂ ᠴᠢᠳᠠᠮᠵᠢ ᠶᠢᠨ | ᠱᠠᠭᠠᠷᠳᠠᠯᠭ᠎ᠠ ᠶᠢ ᠵᠢᠷᠤᠮᠵᠢᠭᠤᠯᠬᠤ ᠳᠤ ᠨᠠᠩ ᠰᠠᠶᠢᠨ ᠲᠤᠯᠭᠠᠭᠤᠷᠢᠯᠠᠬᠤ ᠶᠢ ᠵᠣᠷᠢᠭᠵᠢᠭᠤᠯᠤᠨ᠎ᠠ᠃ | ᠢᠷᠡᠯᠲᠡ᠄ ᠰᠢᠨᠬᠤᠸᠠ ᠬᠤᠷᠢᠶ᠎ᠠ |