︽ᠣᠷᠣᠨ ᠰᠠᠭᠤᠴᠠ ᠶᠢᠨ ᠲᠥᠷᠥᠯ ᠵᠦᠢᠯ ᠤᠨ ᠵᠢᠷᠤᠮᠵᠢᠯ︾ ︵ᠳᠣᠷᠣᠭᠰᠢ ︽ᠵᠢᠷᠤᠮᠵᠢᠯ︾ ᠭᠡᠵᠦ | ᠲᠣᠪᠴᠢᠯᠠᠨ᠎ᠠ︶ ᠢ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠰᠢ᠂ ᠨᠡᠶᠢᠭᠡᠮ ᠨᠡᠶᠢᠲᠡ ᠶᠢᠨ ᠠᠩᠬᠠᠷᠤᠯ ᠢ ᠥᠷᠭᠡᠨ ᠢᠶᠠᠷ | ᠲᠠᠲᠠᠪᠠ᠃ 6 ᠳ᠋ᠤᠭᠠᠷ ᠰᠠᠷ᠎ᠠ ᠶᠢᠨ 5 ᠤ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠪᠠᠷᠢᠮᠵᠢᠶ᠎ᠠ ᠨᠣᠷᠮ᠎ᠠ ᠶᠢᠨ ᠵᠤᠷᠭᠠᠨ ᠤ ᠬᠤᠯᠪᠣᠭᠳᠠᠯ ᠪᠦᠬᠦᠢ | ᠬᠠᠷᠢᠭᠤᠴᠠᠯᠭᠠᠲᠠᠨ᠂ ︽ᠵᠢᠷᠤᠮᠵᠢᠯ︾ ᠤᠨ ᠨᠠᠶᠢᠷᠠᠭᠤᠯᠤᠨ ᠵᠤᠬᠢᠶᠠᠬᠤ ᠳᠤᠭᠤᠶᠢᠯᠠᠩ ᠤᠨ ᠲᠤᠰᠬᠠᠢ | ᠮᠡᠷᠭᠡᠵᠢᠯᠲᠡᠨ ᠠᠴᠠ ︽ᠵᠢᠷᠤᠮᠵᠢᠯ︾ ᠢ ᠨᠠᠶᠢᠷᠠᠭᠤᠯᠤᠨ ᠵᠤᠬᠢᠶᠠᠵᠤ ᠨᠡᠶᠢᠲᠡᠯᠡᠭᠰᠡᠨ ᠭᠤᠣᠯ ᠠᠬᠤᠢ ᠪᠠᠶᠢᠳᠠᠯ᠂ ᠠᠴᠢ | ᠬᠤᠯᠪᠣᠭᠳᠠᠯ ᠵᠢᠴᠢ ᠣᠷᠣᠨ ᠰᠠᠭᠤᠴᠠ ᠶᠢᠨ ᠠᠶᠤᠯᠭᠦᠢ ᠴᠢᠨᠠᠷ ᠪᠠ ᠡᠷᠡᠭᠦᠯ ᠮᠡᠨᠳᠦ ᠲᠠᠭᠠᠯᠠᠮᠵᠢᠲᠠᠢ ᠴᠢᠨᠠᠷ ᠢ ᠬᠡᠷᠬᠢᠨ | ᠪᠠᠲᠤᠯᠠᠬᠤ᠂ ᠲᠠᠭᠤ ᠬᠥᠨᠳᠡᠶᠢᠷᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ︽ᠨᠢᠭᠡ ᠨᠠᠰᠤᠲᠠᠨ ᠨᠢᠭᠡ ᠨᠢᠯᠬᠠᠰ︾ ᠤᠨ | ᠬᠡᠷᠡᠭᠴᠡᠭᠡ ᠶᠢ ᠬᠠᠩᠭᠠᠬᠤ ᠵᠡᠷᠭᠡ ᠲᠠᠯ᠎ᠠ ᠪᠠᠷ ᠨᠢᠭᠡᠳ ᠨᠢᠭᠡ ᠪᠠᠷ ᠨᠠᠷᠢᠨ ᠲᠠᠨᠢᠯᠴᠠᠭᠤᠯᠪᠠ᠃ | ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂ ᠪᠠᠷᠢᠮᠵᠢᠶ᠎ᠠ ᠵᠢᠷᠤᠮᠵᠢᠯ ᠢ | ᠲᠡᠭᠦᠯᠳᠡᠷᠵᠢᠭᠦᠯᠵᠦ᠂ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ ︽ᠰᠠᠶᠢᠨ ᠭᠡᠷ | ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠭᠰᠠᠨ | ᠨᠢ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠲᠠᠢ ᠨᠡᠶᠢᠴᠡᠵᠡᠢ᠃ | ︽︿ᠰᠠᠶᠢᠨ ᠭᠡᠷ ᠪᠠᠶᠢᠰᠢᠩ﹀ ᠤᠨ ᠪᠦᠳᠦᠭᠡᠨ ᠪᠠᠶᠢᠭᠤᠯᠤᠯᠳᠠ ᠳᠤ ᠰᠠᠶᠢᠨ ᠪᠠᠷᠢᠮᠵᠢᠶ᠎ᠠ ᠪᠠᠶᠢᠬᠤ ᠬᠡᠷᠡᠭᠲᠡᠢ᠂ | ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠵᠢᠷᠤᠭ ᠲᠥᠯᠥᠪᠯᠡᠭᠡ᠂ ᠮᠠᠲ᠋ᠧᠷᠢᠶᠠᠯ᠂ | ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢ ᠵᠢᠴᠢ ᠬᠠᠷᠰᠢ ᠰᠠᠭᠠᠳ ᠦᠭᠡᠢ᠂ ᠨᠠᠰᠤᠵᠢᠯ ᠳᠤ ᠲᠣᠬᠢᠷᠠᠮᠵᠢᠲᠠᠢ᠂ | ᠣᠶᠤᠨᠴᠢᠯᠠᠬᠤ ᠵᠡᠷᠭᠡ ᠲᠠᠯ᠎ᠠ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︿ᠰᠠᠶᠢᠨ ᠭᠡᠷ ᠪᠠᠶᠢᠰᠢᠩ﹀ | ᠤᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠪᠠ ᠲᠤᠯᠭᠠᠭᠤᠷᠢᠯᠠᠬᠤ ᠬᠡᠷᠡᠭᠲᠡᠢ︾᠃ ᠪᠠᠷᠢᠮᠵᠢᠶ᠎ᠠ | ᠨᠣᠷᠮ᠎ᠠ ᠶᠢᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠶᠠᠭ ᠡᠨᠡ ᠬᠦ ᠠᠬᠤᠢ ᠪᠠᠶᠢᠳᠠᠯ ᠳᠤ | ᠰᠠᠭᠤᠷᠢᠯᠠᠵᠤ᠂ ︽ᠵᠢᠷᠤᠮᠵᠢᠯ︾ ᠢ ᠨᠠᠶᠢᠷᠠᠭᠤᠯᠤᠨ ᠵᠣᠬᠢᠶᠠᠬᠤ ᠶᠠᠪᠤᠴᠠ ᠳᠤ᠂ ᠠᠷᠠᠳ ᠣᠯᠠᠨ ᠤ ᠥᠨᠳᠥᠷ ᠶᠠᠰᠤ | ᠴᠢᠨᠠᠷ ᠲᠠᠢ ᠣᠷᠣᠨ ᠰᠠᠭᠤᠴᠠ ᠶᠢᠨ ᠬᠡᠷᠡᠭᠴᠡᠭᠡ ᠳᠤ ᠵᠣᠬᠢᠴᠠᠭᠤᠯᠤᠨ᠂ ᠣᠲᠣ ᠶᠢᠨ ᠬᠡᠷᠡᠭᠵᠢᠭᠦᠯᠵᠦ ᠪᠠᠶᠢᠭ᠎ᠠ | ᠪᠠᠷᠢᠮᠵᠢᠶ᠎ᠠ ᠶᠢ ᠪᠥᠬᠦ ᠲᠠᠯ᠎ᠠ ᠪᠠᠷ ᠡᠮᠬᠢᠯᠡᠨ ᠰᠤᠳᠤᠯᠵᠤ᠂ ᠮᠠᠨ ᠤ ᠤᠯᠤᠰ ᠤᠨ ᠣᠶᠢᠷ᠎ᠠ ᠶᠢᠨ ᠵᠢᠯ ᠤᠨ ᠲᠤᠷᠰᠢᠬᠢ | ᠣᠷᠣᠨ ᠰᠠᠭᠤᠴᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠳᠦᠯᠭᠡ ᠲᠠᠢ ᠤᠶᠠᠯᠳᠤᠭᠤᠯᠤᠨ᠂ | ᠣᠲᠣ ᠶᠢᠨ ᠬᠡᠷᠡᠭᠵᠢᠭᠦᠯᠵᠦ ᠪᠠᠶᠢᠭ᠎ᠠ ᠣᠷᠣᠨ ᠰᠠᠭᠤᠴᠠ ᠶᠢᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠢ ᠦᠨᠡᠯᠡᠨ | ᠵᠢᠱᠢᠭᠰᠡᠨ ᠰᠠᠭᠤᠷᠢᠨ ᠳᠡᠭᠡᠷ᠎ᠡ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠶᠢᠨ ᠵᠦᠢᠯ ᠵᠤᠷᠪᠤᠰ ᠢ ᠭᠥᠯᠢᠶᠡᠨ | ᠠᠪᠬᠤ ᠶᠢᠨ ᠬᠠᠮᠲᠤ᠂ ᠬᠡᠰᠡᠭ ᠪᠠᠷᠢᠮᠵᠢᠶ᠎ᠠ ᠶᠢᠨ ᠵᠦᠢᠯ ᠵᠤᠷᠪᠤᠰ ᠢ ᠨᠥᠬᠦᠪᠦᠷᠢᠯᠡᠨ ᠵᠠᠰᠠᠵᠤ᠂ ᠪᠠᠷᠢᠮᠵᠢᠶ᠎ᠠ ᠶᠢᠨ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ︽ᠵᠢᠷᠤᠮᠵᠢᠯ︾ ᠢ ᠬᠡᠷᠡᠭᠵᠢᠭᠦᠯᠦᠭᠰᠡᠨ ᠨᠢ ᠬᠤᠲᠠ | ᠪᠠᠯᠭᠠᠰᠤᠨ ᠤ ᠣᠷᠣᠨ ᠰᠠᠭᠤᠴᠠ ᠶᠢᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ | ᠠᠬᠢᠭᠤᠯᠬᠤ ᠪᠣᠯᠣᠨ᠎ᠠ ᠭᠡᠵᠦ ᠲᠠᠨᠢᠯᠴᠠᠭᠤᠯᠪᠠ᠃ | ︽ᠵᠢᠷᠤᠮᠵᠢᠯ︾ ᠪᠣᠯ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢᠨ ᠨᠠᠭᠠᠲᠤ ᠵᠠᠬ᠎ᠠ ᠶᠢᠨ | ᠱᠠᠭᠠᠷᠳᠠᠯᠭ᠎ᠠ ᠮᠥᠨ᠃ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠨᠢ ︽ᠲᠣᠮᠣ ᠭᠡᠷ ᠪᠠᠶᠢᠰᠢᠩ︾ | ︽ᠦᠨᠡᠲᠡᠢ ᠭᠡᠷ ᠪᠠᠶᠢᠰᠢᠩ︾ ᠢ ᠪᠦᠳᠦᠭᠡᠨ ᠪᠠᠶᠢᠭᠤᠯᠬᠤ ᠭᠡᠰᠡᠨ ᠶᠠᠪᠤᠳᠠᠯ ᠤᠭᠳᠤ ᠪᠢᠰᠢ᠂ ᠬᠠᠷᠢᠨ ᠰᠠᠶᠢᠨ | ᠵᠢᠷᠤᠭ ᠲᠥᠯᠥᠪᠯᠡᠭᠡ᠂ ᠰᠠᠶᠢᠨ ᠪᠠᠷᠢᠯᠭ᠎ᠠ ᠶᠢᠨ ᠠᠵᠢᠯ᠂ ᠰᠠᠶᠢᠨ ᠮᠠᠲ᠋ᠧᠷᠢᠶᠠᠯ᠂ ᠰᠠᠶᠢᠨ ᠦᠢᠯᠡᠴᠢᠯᠡᠭᠡ ᠵᠡᠷᠭᠡ ᠪᠠᠷ | ᠳᠠᠮᠵᠢᠭᠤᠯᠤᠨ᠂ ᠣᠷᠣᠨ ᠰᠠᠭᠤᠴᠠ ᠶᠢᠨ ᠳᠤᠮᠳᠠᠬᠢ ᠡᠪᠡᠷᠰᠢᠶᠡᠯ ᠲᠠᠢ ᠠᠰᠠᠭᠤᠳᠠᠯ ᠢ ᠰᠢᠢᠳᠪᠦᠷᠢᠯᠡᠵᠦ᠂ ᠣᠷᠣᠨ | ᠰᠠᠭᠤᠴᠠ ᠶᠢᠨ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠲᠡᠭᠡᠭᠰᠢᠯᠡᠭᠦᠯᠦᠨ᠎ᠡ᠃ ᠠᠳᠠᠯᠢ ᠪᠤᠰᠤ ᠭᠠᠵᠠᠷ ᠣᠷᠣᠨ᠂ | ᠠᠳᠠᠯᠢ ᠪᠤᠰᠤ ᠲᠠᠯᠠᠪᠠᠢ᠂ ᠠᠳᠠᠯᠢ ᠪᠤᠰᠤ ᠦᠨ᠎ᠡ ᠬᠠᠩᠰᠢ ᠳᠤ ᠴᠥᠮ ᠠᠳᠠᠯᠢ ᠪᠤᠰᠤ ︽ᠰᠠᠶᠢᠨ ᠭᠡᠷ ᠪᠠᠶᠢᠰᠢᠩ︾ ᠢ | ᠪᠦᠳᠦᠭᠡᠨ ᠪᠠᠶᠢᠭᠤᠯᠬᠤ ᠶᠠᠪᠤᠳᠠᠯ ᠪᠤᠯᠤᠨ᠎ᠠ᠃ | ᠲᠠᠷᠠᠭᠠᠴᠢ ᠶᠢᠨ ᠠᠯᠬᠤᠮ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠠᠴᠠ ᠰᠦᠯᠵᠢᠶᠡᠨ ᠭᠠᠳᠠᠨ᠎ᠠ᠂ ᠰᠦᠯᠵᠢᠶᠡᠨ ᠳᠡᠭᠡᠷᠡᠬᠢ ᠤᠬᠠᠭᠤᠯᠭ᠎ᠠ ᠪᠤᠯᠪᠠᠰᠤᠷᠠᠯ ᠵᠢᠴᠢ | ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠵᠦᠭᠯᠡᠭᠦᠷ ᠵᠡᠷᠭᠡ ᠶᠢ ᠪᠠᠭᠲᠠᠭᠠᠭᠰᠠᠨ ︽ᠵᠢᠷᠤᠮᠵᠢᠯ︾ | ᠢ ᠤᠬᠠᠭᠤᠯᠵᠤ ᠲᠤᠭᠤᠰᠢᠯᠠᠭᠤᠯᠤᠨ ᠬᠡᠷᠡᠭᠵᠢᠭᠦᠯᠬᠦ ᠶᠢ ᠵᠢᠯᠤᠭᠤᠳᠬᠤ ᠠᠵᠢᠯ ᠢ ᠢᠳᠡᠪᠬᠢᠲᠡᠢ ᠥᠷᠨᠢᠭᠦᠯᠦᠨ᠎ᠡ᠃ | ᠡᠭᠦᠨ ᠤ ᠬᠠᠮᠲᠤ᠂ ᠢᠵᠢ ᠪᠦᠷᠢᠳᠦᠭᠦᠯᠦᠭᠰᠡᠨ ᠲᠠᠨᠢᠯᠴᠠᠭᠤᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ᠂ ᠠᠵᠢᠯ | ᠲᠥᠷᠥᠯ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠵᠤ᠂ ᠬᠠᠮᠢᠶ᠎ᠠ ᠪᠦᠬᠦᠢ ᠣᠷᠣᠨ ᠨᠤᠲᠤᠭ ᠤᠨ ᠪᠠᠷᠢᠮᠵᠢᠶ᠎ᠠ᠂ | ᠪᠦᠯᠬᠦᠮ ᠤᠨ ᠪᠠᠷᠢᠮᠵᠢᠶ᠎ᠠ ᠶᠢᠨ ᠨᠠᠶᠢᠷᠠᠭᠤᠯᠤᠨ ᠵᠤᠬᠢᠶᠠᠬᠤ ᠠᠵᠢᠯ ᠢ ᠵᠢᠯᠣᠭᠤᠳᠤᠨ ᠳᠡᠮᠵᠢᠵᠦ᠂ ᠪᠠᠷᠢᠯᠭ᠎ᠠ ᠶᠢᠨ | ᠲᠥᠷᠥᠯ ᠵᠦᠢᠯ ᠤᠨ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠰᠢᠯᠭᠠᠨ ᠠᠪᠬᠤ᠂ ᠪᠠᠷᠢᠯᠭ᠎ᠠ ᠶᠢᠨ ᠲᠥᠷᠥᠯ | ᠵᠦᠢᠯ ᠳᠤ ᠬᠡᠷᠡᠭᠯᠡᠬᠦ ᠮᠠᠲ᠋ᠧᠷᠢᠶᠠᠯ᠂ ᠲᠥᠬᠦᠭᠡᠷᠦᠮᠵᠢ ᠵᠡᠷᠭᠡ ᠨᠢ ᠪᠠᠷᠢᠮᠵᠢᠶ᠎ᠠ ᠳᠤ ᠨᠡᠶᠢᠴᠡᠬᠦ ᠡᠰᠡᠬᠦ ᠵᠡᠷᠭᠡ ᠶᠢ | ᠪᠠᠭᠳᠠᠭᠠᠭᠰᠠᠨ ︽ᠵᠢᠷᠤᠮᠵᠢᠯ︾ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ | ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠵᠠᠷᠯᠠᠨ ᠮᠡᠳᠡᠭᠳᠡᠵᠦ᠂ | ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠭᠡᠨ | ᠲᠣᠷᠭᠠᠵᠤ᠂ ︽ᠵᠢᠷᠤᠮᠵᠢᠯ︾ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠪᠠᠷᠢᠮᠵᠢᠶ᠎ᠠ ᠪᠠᠷ | ᠬᠥᠲᠥᠯᠥᠨ ᠳᠠᠭᠠᠭᠤᠯᠬᠤ ᠦᠢᠯᠡᠳᠦᠯ ᠢ ᠨᠢ ᠦᠨᠡᠨᠬᠦ ᠪᠠᠳᠠᠷᠠᠭᠤᠯᠤᠨ᠎ᠠ᠃ |