ᠲᠣᠭᠲᠠᠬᠤ ᠰᠢᠶᠠᠨ᠄ ᠬᠠᠤᠯᠢᠵᠢᠯ ᠤᠨ ᠤᠬᠠᠭᠤᠯᠭ᠎ᠠ ᠶᠢ ᠲᠣᠰᠬᠤᠨ ᠳᠤ ᠣᠷᠣᠭᠤᠯᠵᠤ ᠬᠠᠤᠯᠢ ᠴᠠᠭᠠᠵᠠ ᠶᠢᠨ ᠦᠢᠯᠡᠴᠢᠯᠡᠭᠡ ᠬᠢᠵᠦ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2025/7/1
ᠢᠷᠡᠯᠲᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ        ᠲᠠᠪᠢᠨ ᠭᠡᠷ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ ᠶᠢᠨ ᠠᠵᠢᠯᠲᠠᠳ ᠳᠦᠷᠢᠮᠲᠦ ᠬᠤᠪᠴᠠᠰᠤ ᠡᠮᠦᠰᠦᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠰᠠᠶᠢᠨ ᠳᠤᠷ᠎ᠠ ᠶᠢᠨ ᠠᠵᠢᠯᠯᠠᠭᠰᠠᠳ ᠲᠠᠢ ᠶᠠᠭᠠᠷᠠᠯᠳᠤᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠮᠠᠲ᠋ᠧᠷᠢᠶᠠᠯ ᠲᠠᠷᠬᠠᠭᠠᠵᠤ᠂ ᠰᠢᠶᠠᠨ ᠤ ᠵᠢᠶᠠ ᠢᠦᠢ ᠾᠧᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠨᠠᠷ ᠲᠣᠰᠬᠤᠨ ᠤ ᠠᠷᠠᠳ ᠲᠠᠢ ᠬᠠᠮᠳᠦ ᠰᠠᠭᠤᠵᠤ᠂ ︽ᠢᠷᠭᠡᠨ ᠤ ᠬᠠᠤᠯᠢ ᠶᠢᠨ ᠪᠢᠴᠢᠭ︾ ᠤᠨ ᠲᠣᠪᠬᠢᠮᠠᠯ ᠢ ᠠᠰᠢᠭᠯᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠥᠪᠡᠷᠮᠢᠴᠡ ᠣᠨᠴᠠᠯᠢᠭ ᠲᠠᠢ ᠬᠢᠴᠢᠶᠡᠯ ᠤᠨ ᠲᠠᠩᠬᠢᠮ ᠢ ᠨᠡᠭᠡᠭᠡᠪᠡ᠃      ᠠᠵᠢᠯᠯᠠᠭ᠎ᠠ ᠶᠢᠨ ᠳᠤᠮᠳᠠ᠂ ᠠᠵᠢᠯᠲᠠᠳ ᠪᠣᠯᠣᠨ ᠬᠠᠤᠯᠢᠴᠢ ᠨᠠᠷ ︽ᠢᠷᠭᠡᠨ ᠤ ᠬᠠᠤᠯᠢ ᠶᠢᠨ ᠪᠢᠴᠢᠭ︾ ᠢᠶᠠᠨ ᠰᠡᠬᠦᠵᠦ᠂ ᠳᠡᠷᠭᠡᠳᠡᠬᠢ ᠦᠨᠡᠨ ᠪᠣᠳᠠᠲᠤ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠤᠨ᠂ ᠤᠤᠯ ᠨᠢ ᠪᠠᠯᠠᠷᠬᠠᠢ ᠪᠠᠶᠢᠭᠰᠠᠨ ᠬᠠᠤᠯᠢ ᠴᠠᠭᠠᠵᠠ ᠶᠢᠨ ᠵᠤᠷᠪᠤᠰ ᠰᠣᠶᠣᠯ ᠢ ᠲᠣᠰᠬᠤᠨ ᠤ ᠠᠷᠠᠳ ᠤᠨ ᠰᠣᠨᠣᠰᠴᠤ ᠲᠥᠬᠦᠭᠡᠷᠡᠬᠦ ᠠᠮᠢᠳᠤᠯᠢᠭ ᠦᠯᠢᠭᠡᠷ ᠪᠣᠯᠭᠠᠵᠤ᠂ ᠲᠣᠰᠬᠤᠨ ᠤ ᠠᠷᠠᠳ ᠢ ᠪᠠᠶᠢᠨ ᠪᠠᠶᠢᠨ ᠰᠡᠳᠬᠢᠯ ᠲᠠᠯᠪᠢᠨ ᠰᠡᠳᠬᠢᠨ ᠪᠣᠳᠣᠯᠬᠢᠯᠠᠵᠤ ᠂ ᠪᠠᠶᠢᠨ ᠪᠠᠶᠢᠨ ᠲᠣᠯᠣᠭᠠᠢ ᠳᠣᠬᠢᠵᠤ᠂ ᠪᠠᠶᠢᠨ ᠪᠠᠶᠢᠨ ᠶᠠᠷᠢᠯᠴᠠᠬᠤ ᠲᠠᠭᠤᠨ ᠪᠠ ᠢᠨᠢᠶᠡᠯᠳᠦᠭᠦᠯᠵᠦ ᠪᠠᠶᠢᠯ᠎ᠠ᠃ ᠡᠭᠦᠨ ᠠᠴᠠ ᠭᠠᠳᠠᠨ᠎ᠠ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠨᠠᠩ ᠢᠯᠡᠭᠦᠦ ︽ᠣᠯᠠᠨ ᠲᠦᠮᠡᠨ ᠲᠠᠢ ᠣᠶᠢᠷᠠᠲᠤᠭᠤᠯᠬᠤ ᠶᠢᠨ ᠲᠥᠯᠥᠭᠡ᠂  ᠲᠠᠪᠢᠨ ᠭᠡᠷ ᠲᠣᠰᠬᠤᠨ᠂ ᠯᠢᠦ ᠵᠢᠶᠠ ᠶᠣᠣ ᠲᠣᠰᠬᠤᠨ ᠵᠡᠷᠭᠡ ᠲᠣᠰᠬᠤᠨ ᠳᠤ᠂ ᠠᠵᠢᠯᠲᠠᠳ ︽ᠦᠨᠳᠦᠰᠦᠨ ᠬᠠᠤᠯᠢ︾ ︽ᠢᠷᠭᠡᠨ ᠤ ᠬᠠᠤᠯᠢ ᠶᠢᠨ ᠪᠢᠴᠢᠭ︾ ︽ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠵᠡᠷᠭᠡ ᠨᠤᠲᠤᠭ ᠤᠨ ᠠᠬ᠎ᠠ ᠳᠡᠭᠦᠦ ᠨᠠᠷ ᠲᠠᠢ ᠨᠢᠭᠲᠠ ᠬᠤᠯᠪᠣᠭ᠎ᠠ ᠲᠠᠢ ︽ᠡᠷᠳᠡᠨᠢ︾ ᠶᠢ ᠳᠡᠭᠦᠵᠢᠯᠡᠨ ᠲᠣᠰᠬᠤᠨ ᠤ ᠠᠷᠠᠳ ᠤᠨ ᠡᠭᠦᠳᠡᠨ ᠳᠤ ᠬᠦᠷᠭᠡᠵᠦ ᠢᠷᠡᠭᠰᠡᠨ ᠪᠠᠶᠢᠨ᠎ᠠ᠃        ᠲᠣᠰᠬᠤᠨ ᠤ ᠠᠷᠠᠳ ᠤᠨ ᠰᠢᠳᠡᠨ ᠭᠠᠷᠭᠠᠭᠰᠠᠨ ᠪᠣᠳᠠᠲᠠᠢ ᠬᠦᠴᠢᠷ ᠠᠰᠠᠭᠤᠳᠠᠯ ᠤᠳ ᠤᠨ ᠡᠮᠦᠨ᠎ᠡ᠂ ᠬᠠᠤᠯᠢ ᠴᠠᠭᠠᠵᠠ ᠶᠢᠨ ᠠᠵᠢᠯᠲᠠᠳ ᠵᠢᠩᠬᠢᠨᠢ ᠨᠤᠲᠤᠭ ᠤᠨ ᠠᠶᠠᠯᠭᠤ ᠪᠠᠷ ᠵᠡᠷᠭᠡᠯᠡᠳᠡᠭᠡ ᠲᠣᠰᠬᠤᠨ ᠤ ᠰᠢᠢᠳᠪᠦᠷᠢᠯᠡᠵᠦ ᠥᠩᠭᠡᠷᠡᠭᠰᠡᠨ ᠠᠳᠠᠯᠢᠪᠲᠤᠷ ᠵᠢᠭᠤᠷᠠᠯᠳᠤᠭᠠᠨ ᠲᠠᠢ ᠤᠶᠠᠯᠳᠤᠭᠤᠯᠤᠨ ︽ᠬᠡᠷᠡᠭ ᠢᠶᠠᠷ ᠬᠠᠤᠯᠢ ᠴᠠᠭᠠᠵᠠ ᠶᠢ ᠶᠠᠷᠢᠵᠤ︾ ᠂ ᠬᠡᠶᠢᠰᠪᠦᠷᠢ ᠬᠠᠤᠯᠢ ᠴᠠᠭᠠᠵᠠ ᠶᠢᠨ ᠵᠦᠢᠯ ᠵᠤᠷᠪᠤᠰ ᠤᠳ ᠢ ᠪᠠᠯᠪᠠᠴᠢᠵᠤ᠂ ᠲᠣᠰᠬᠤᠨ ᠤ ᠠᠷᠠᠳ ᠤᠨ ︽ᠰᠣᠨᠣᠰᠴᠤ ᠣᠶᠢᠯᠠᠭᠠᠬᠤ᠂ ᠬᠡᠷᠡᠭᠯᠡᠵᠦ ᠳᠡᠶᠢᠯᠬᠦ︾ ᠦᠨᠡᠨ ᠦᠭᠡ ᠪᠣᠯᠭᠠᠨ ᠶᠠᠷᠢᠵᠠᠢ᠃ ᠲᠠᠷᠠᠭᠠᠴᠢ ᠶᠢᠨ ᠬᠠᠤᠯᠢ ᠴᠠᠭᠠᠵᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤᠮᠳᠠ᠂ ᠬᠦᠴᠢᠷᠳᠡᠯ ᠳᠤ ᠲᠤᠯᠭᠠᠷᠠᠭᠰᠠᠨ ᠠᠷᠪᠠ ᠭᠠᠷᠤᠢ ᠲᠣᠰᠬᠤᠨ ᠤ ᠠᠷᠠᠳ ᠠᠵᠢᠯᠲᠠᠨ ᠤ ᠬᠠᠪᠰᠤᠷᠤᠯᠭ᠎ᠠ ᠪᠠᠷ ᠰᠡᠳᠬᠢᠴᠡ ᠪᠠᠨ ᠲᠣᠳᠣᠷᠬᠠᠢ ᠪᠣᠯᠭᠠᠵᠤ᠂ ᠠᠷᠭ᠎ᠠ ᠵᠠᠮ ᠢᠶᠠᠨ ᠡᠷᠢᠵᠦ ᠣᠯᠣᠭᠰᠠᠨ ᠪᠠᠶᠢᠨ᠎ᠠ᠃ ︽ᠥᠩᠭᠡᠷᠡᠭᠰᠡᠨ ᠳᠤ ᠤᠴᠢᠷ ᠶᠠᠪᠤᠳᠠᠯ ᠲᠣᠬᠢᠶᠠᠯᠳᠤᠪᠠᠯ ᠪᠤᠬᠢᠨᠢᠳᠤᠬᠤ ᠶᠢ ᠯᠠ ᠮᠡᠳᠡᠳᠡᠭ ᠪᠠᠢᠭᠰᠠᠨ᠂ ᠣᠳᠣ ᠮᠡᠳᠡᠯ᠎ᠡ᠂ ᠬᠠᠤᠯᠢ ᠪᠣᠯ ᠮᠠᠨ ᠤ ᠲᠠᠷᠢᠶᠠᠴᠢᠨ ᠠᠷᠠᠳ ᠤᠨ ︿ᠠᠮᠢᠨ ᠰᠠᠬᠢᠶ᠎ᠠ﹀ ᠮᠥᠨ︕︾ ᠭᠡᠵᠦ ᠯᠢᠦ ᠵᠢᠶᠠ ᠶᠣᠣ ᠲᠣᠰᠬᠤᠨ ᠤ ᠠᠷᠠᠳ ᠯᠢᠦ ᠵᠢᠶᠦ᠋ᠨ ᠢ ᠬᠡᠯᠡᠪᠡ᠃      ᠡᠨᠡ ᠵᠢᠯ ᠠᠴᠠ ᠨᠠᠰᠢ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠦᠷᠭᠦᠯᠵᠢ ᠣᠯᠠᠨ ᠲᠦᠮᠡᠨ ᠤ ᠬᠠᠵᠠᠭᠤ ᠳᠤ ᠪᠠᠶᠢᠯᠭᠠᠬᠤ ᠶᠢᠨ ᠲᠥᠯᠥᠭᠡ᠂ ᠲᠣᠭᠲᠠᠬᠤ ᠰᠢᠶᠠᠨ ᠤ ᠬᠢᠨ ︽ᠬᠥᠬᠡᠬᠤᠲᠠ ᠶᠢᠨ ᠬᠠᠤᠯᠢ ᠴᠠᠭᠠᠵᠠ ᠶᠢᠨ ᠨᠡᠪᠲᠡᠷᠬᠡᠢ ᠮᠡᠳᠡᠭᠡ︾ ᠶᠢᠨ ᠪᠢᠴᠢᠯ ᠵᠠᠬᠢᠳᠠᠯ ᠤᠨ ᠵᠢᠵᠢᠭ ᠫᠷᠣᠭ᠍ᠷᠠᠮ ᠢ ᠢᠳᠡᠪᠬᠢᠲᠡᠢ ᠳᠡᠯᠭᠡᠷᠡᠭᠦᠯᠵᠦ᠂ ᠲᠣᠰᠬᠤᠨ ᠤ ᠠᠷᠠᠳ ᠢ ᠭᠡᠷ ᠲᠡᠭᠡᠨ ᠭᠠᠷ ᠤᠲᠠᠰᠤ ᠪᠠᠷ ᠬᠠᠤᠯᠢ ᠴᠠᠭᠠᠵᠠ ᠶᠢᠨ ᠲᠤᠰᠬᠠᠢ ᠮᠡᠷᠭᠡᠵᠢᠯᠲᠡᠨ ᠲᠠᠢ ᠬᠤᠯᠪᠣᠭ᠎ᠠ ᠠᠪᠬᠤ᠂ ᠰᠦᠯᠵᠢᠶ᠎ᠡ ᠪᠠᠷ ᠳᠠᠮᠵᠢᠭᠤᠯᠤᠨ ᠠᠰᠠᠭᠤᠨ ᠯᠠᠪᠯᠠᠵᠤ ᠡᠶᠡᠳᠡᠭᠦᠯᠬᠦ ᠬᠦᠴᠢᠷ ᠠᠰᠠᠭᠤᠳᠠᠯ ᠢ ᠰᠢᠢᠳᠪᠦᠷᠢᠯᠡᠵᠦ ᠴᠢᠳᠠᠬᠤ ᠪᠣᠯᠭᠠᠵᠤ᠂ ᠲᠣᠭᠲᠠᠬᠤ ᠰᠢᠶᠠᠨ ᠤ ᠬᠠᠤᠯᠢᠵᠢᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠤᠮᠥᠲᠷ︾ ᠢ ᠨᠡᠪᠲᠡᠷᠡᠭᠦᠯᠬᠦ ᠰᠢᠨ᠎ᠡ ᠬᠥᠭᠦᠷᠭᠡ ᠪᠣᠯᠵᠤ᠂ ᠲᠣᠰᠬᠤᠨ ᠤ ᠠᠷᠠᠳ ᠢ ᠭᠡᠷ ᠠᠴᠠ ᠪᠠᠨ ᠭᠠᠷᠬᠤ ᠦᠭᠡᠢ ᠪᠠᠷ ᠲᠤᠰᠬᠠᠢ ᠮᠡᠷᠭᠡᠵᠢᠯ ᠤᠨ ᠬᠠᠤᠯᠢ ᠴᠠᠭᠠᠵᠠ ᠶᠢᠨ ᠦᠢᠯᠡᠴᠢᠯᠡᠭᠡ ᠶᠢ ᠳᠥᠭᠦᠮ ᠳᠥᠲᠡ ᠡᠳ᠋ᠯᠡᠭᠦᠯᠵᠦ᠂ ᠤᠯᠠᠨ ᠲᠦᠮᠡᠨ ᠤ ᠬᠥᠳᠡᠭᠡ ᠲᠣᠰᠬᠤᠨ ᠤ ᠵᠠᠰᠠᠯᠲᠠ ᠳᠤ ᠣᠷᠣᠯᠴᠠᠬᠤ ᠤᠷᠮ᠎ᠠ ᠵᠣᠷᠢᠭ ᠢ ᠪᠦᠲᠦᠮᠵᠢᠲᠡᠢ ᠬᠥᠭᠵᠢᠭᠡᠪᠡ᠃       ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠦᠷᠭᠦᠯᠵᠢᠯᠡᠨ ᠠᠬᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠡᠯ᠎ᠡ ᠵᠦᠢᠯ ᠤᠨ ᠠᠷᠭ᠎ᠠ ᠵᠠᠮ ᠢ ᠰᠠᠶᠢᠲᠤᠷ ᠠᠰᠢᠭᠯᠠᠵᠤ᠂ ᠤᠬᠠᠭᠤᠯᠤᠨ ᠲᠠᠶᠢᠯᠪᠤᠷᠢᠯᠠᠬᠤ ᠬᠡᠯᠪᠡᠷᠢ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠬᠠᠤᠯᠢ ᠴᠠᠭᠠᠵᠠ ᠶᠢᠨ ᠮᠡᠳᠡᠯᠭᠡ ᠶᠢ ᠬᠥᠳᠡᠭᠡ ᠲᠣᠰᠬᠤᠨ ᠤ ᠠᠮᠢᠳᠤᠷᠠᠯ ᠤᠨ ᠪᠠᠭ᠎ᠠ ᠰᠠᠭ᠎ᠠ ᠵᠦᠢᠯ ᠳᠤ ᠦᠨᠡᠨᠬᠦ ᠠᠭᠤᠰᠤᠯᠴᠠᠭᠤᠯᠵᠤ᠂ ᠲᠣᠭᠲᠠᠬᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠬᠠᠤᠯᠢᠵᠢᠯ ᠤᠨ ᠰᠠᠭᠤᠷᠢ ᠶᠢ ᠲᠠᠯᠪᠢᠵᠤ᠂ ᠨᠤᠲᠤᠭ ᠤᠨ ᠠᠬ᠎ᠠ ᠳᠡᠭᠦᠦ ᠨᠠᠷ ᠲᠤ ᠬᠠᠤᠯᠢᠵᠢᠯ ᠤᠨ ᠠᠮᠤᠷ ᠲᠦᠪᠰᠢᠨ ᠤ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠡᠳ᠋ᠯᠡᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1