ᠣᠶᠢᠷ᠎ᠠ ᠳᠤ᠂ ᠣᠯᠠᠨ ᠭᠠᠵᠠᠷ ᠤᠨ ᠬᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠬᠡᠷᠡᠭᠯᠡᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ ᠰᠤᠯᠠᠷᠠᠭᠤᠯᠵᠤ᠂ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠨᠠᠩ ᠣᠯᠠᠨ ᠠᠷᠭ᠎ᠠ ᠬᠡᠮᠵᠢᠶ᠎ᠡ ᠭᠠᠷᠭᠠᠵᠤ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠡᠮᠵᠢᠯᠭᠡ ᠶᠢᠨ ᠦᠢᠯᠡᠳᠦᠯ ᠢ ᠨᠠᠩ ᠪᠦᠲᠦᠮᠵᠢᠲᠡᠶ | ᠪᠠᠳᠠᠷᠠᠭᠤᠯᠪᠠ᠃ | 6 ᠳ᠋ᠤᠭᠠᠷ ᠰᠠᠷ᠎ᠠ ᠳᠤ᠂ ᠴᠢᠩᠳᠣᠣ᠂ ᠬᠠᠩᠵᠧᠦ᠂ ᠰᠢ ᠠᠨ ᠵᠡᠷᠭᠡ ᠬᠤᠲᠠ ᠶᠢᠨ ᠬᠢᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ ᠭᠡᠷ ᠪᠠᠶᠢᠰᠢᠩ ᠬᠤᠳᠠᠯᠳᠤᠨ | ᠠᠪᠬᠤ ᠳᠤ ᠠᠩᠬ᠎ᠠ ᠲᠤᠰᠢᠶᠠᠬᠤ ᠵᠣᠭᠤᠰ ᠢ ᠲᠥᠯᠥᠬᠦ ᠳᠤ ᠬᠡᠷᠡᠭᠯᠡᠬᠦ ᠰᠢᠨ᠎ᠡ ᠲᠥᠷᠥ ᠶᠢᠨ ᠪᠣᠳᠣᠯᠭ᠎ᠠ ᠶᠢ ᠨᠡᠶᠢᠲᠡᠯᠡᠪᠡ | ᠃ ᠴᠢᠩᠳᠣᠣ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ | ᠠᠪᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠲᠤᠬᠠᠢ ᠮᠡᠳᠡᠭᠳᠡᠯ ᠳᠤ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠭᠡᠷ ᠪᠠᠶᠢᠰᠢᠩ ᠬᠤᠳᠠᠯᠳᠤᠨ | ᠠᠪᠬᠤ ᠳᠤ ᠠᠩᠬ᠎ᠠ ᠲᠤᠰᠢᠶᠠᠬᠤ ᠵᠣᠭᠤᠰ ᠢ ᠲᠥᠯᠥᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠬᠡᠪᠴᠢᠶ᠎ᠡ ᠶᠢ | ᠥᠷᠭᠡᠳᠬᠡᠵᠦ᠂ ᠭᠡᠷ ᠪᠠᠶᠢᠰᠢᠩ ᠬᠤᠳᠠᠯᠳᠤᠨ ᠠᠪᠤᠭᠴᠢ ᠵᠢᠴᠢ ᠬᠤᠯᠪᠣᠰᠤ ᠨᠢ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠭᠡᠷ ᠪᠠᠶᠢᠰᠢᠩ ᠬᠤᠳᠠᠯᠳᠤᠨ ᠠᠪᠬᠤ ᠳᠤ ᠠᠩᠬ᠎ᠠ ᠲᠤᠰᠢᠶᠠᠬᠤ | ᠵᠣᠭᠤᠰ ᠢ ᠲᠤᠰᠢᠶᠠᠬᠤ ᠳᠤ ᠬᠡᠷᠡᠭᠯᠡᠵᠦ ᠪᠤᠯᠤᠨ᠎ᠠ︔ ᠬᠤᠳᠠᠯᠳᠤᠨ ᠠᠪᠤᠭᠰᠠᠨ ᠣᠷᠣᠨ ᠰᠠᠭᠤᠴᠠ ᠨᠢ ᠭᠡᠷ ᠪᠦᠯᠢ ᠶᠢᠨ | ᠠᠩᠬᠠᠨ ᠤ ᠢᠵᠢ᠂ ᠬᠤᠶᠠᠳᠤᠭᠠᠷ ᠢᠵᠢ ᠥᠪᠡᠰᠦᠪᠡᠨ ᠰᠠᠭᠤᠬᠤ ᠣᠷᠣᠨ ᠰᠠᠭᠤᠴᠠ ᠪᠤᠶᠤ ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ ᠪᠣᠯᠣᠨ᠎ᠠ᠂ ᠭᠡᠷ ᠬᠤᠳᠠᠯᠳᠤᠨ ᠠᠪᠤᠭᠴᠢ ᠵᠢᠴᠢ ᠰᠢᠭᠤᠳ ᠴᠢᠰᠤᠨ ᠲᠥᠷᠥᠯ ᠤᠨ ᠬᠢᠨ | ᠴᠥᠮ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠭᠡᠷ | ᠪᠠᠶᠢᠰᠢᠩ ᠬᠤᠳᠠᠯᠳᠤᠨ ᠠᠪᠬᠤ ᠠᠩᠬ᠎ᠠ ᠲᠤᠰᠢᠶᠠᠬᠤ ᠵᠣᠭᠤᠰ ᠢ ᠲᠥᠯᠥᠬᠦ ᠳᠤ ᠬᠡᠷᠡᠭᠯᠡᠵᠦ ᠪᠣᠯᠣᠨ᠎ᠠ ᠭᠡᠵᠦ | ᠲᠤᠳᠤᠷᠬᠠᠢ ᠲᠤᠭᠳᠠᠭᠠᠵᠠᠢ᠃ ᠵᠧᠵᠢᠶᠠᠩ ᠮᠤᠵᠢ ᠶᠢᠨ ᠰᠢᠭᠤᠳ ᠬᠠᠷᠢᠶ᠎ᠠ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠲᠥᠪ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠦ | ᠠᠩᠬ᠎ᠠ ᠲᠤᠰᠢᠶᠠᠬᠤ ᠵᠤᠭᠤᠰ ᠲᠥᠯᠥᠬᠦ ᠦᠢᠯᠡᠴᠢᠯᠡᠭᠡ ᠶᠢ ᠵᠢᠩᠬᠢᠨᠢ ᠪᠠᠷ ᠰᠦᠯᠵᠢᠶᠡᠨ ᠳᠤ ᠤᠷᠤᠭᠤᠯᠪᠠ᠃ ᠱᠧᠨᠵᠧᠨ | ᠬᠤᠲᠠ ᠶᠢᠨ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠳᠤ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ | ᠨᠥᠬᠦᠴᠡᠯ ᠳᠤ ᠨᠡᠶᠢᠴᠡᠬᠦ ᠲᠤᠰᠢᠶᠠᠨ ᠬᠠᠳᠠᠭᠠᠯᠠᠭᠤᠯᠤᠭᠴᠢ ᠨᠢ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢ ᠨᠢᠭᠡ ᠤᠳᠠᠭ᠎ᠠ ᠭᠠᠷᠭᠠᠨ ᠠᠪᠴᠤ ᠭᠡᠷ ᠪᠠᠶᠢᠰᠢᠩ ᠬᠤᠳᠠᠯᠳᠤᠨ ᠠᠪᠬᠤ ᠳᠤ | ᠠᠩᠬ᠎ᠠ ᠲᠤᠰᠢᠶᠠᠬᠤ ᠵᠣᠭᠤᠰ ᠢ ᠲᠥᠯᠥᠬᠦ ᠪᠠᠷ ᠭᠤᠶᠤᠴᠢᠯᠠᠵᠤ ᠪᠣᠯᠣᠨ᠎ᠠ᠃ | ᠱᠠᠩᠬᠠᠢ ᠶᠢᠨ ᠢ ᠵᠢᠦᠢ ᠭᠡᠷ ᠪᠠᠶᠢᠰᠢᠩ ᠭᠠᠵᠠᠷ ᠬᠥᠷᠥᠩᠭᠡ ᠶᠢᠨ ᠰᠤᠳᠤᠯᠭᠠᠨ ᠤ ᠬᠦᠷᠢᠶᠡᠯᠡᠩ ᠤᠨ ᠳᠡᠳ᠋ | ᠳᠠᠷᠤᠭ᠎ᠠ ᠶᠠᠨ ᠶᠦᠸᠧ ᠶᠢᠨ ᠬᠡᠯᠡᠬᠦ ᠳᠡᠭᠡᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢ ᠭᠠᠷᠭᠠᠨ ᠠᠪᠴᠤ ᠭᠡᠷ ᠪᠠᠶᠢᠰᠢᠩ ᠬᠤᠳᠠᠯᠳᠤᠨ ᠠᠪᠬᠤ ᠳᠤ ᠠᠩᠬ᠎ᠠ ᠲᠤᠰᠢᠶᠠᠬᠤ ᠵᠣᠭᠤᠰ ᠢ | ᠲᠥᠯᠥᠬᠦ ᠳᠤ ᠬᠡᠷᠡᠭᠯᠡᠬᠦ ᠲᠥᠷᠥ ᠶᠢᠨ ᠪᠣᠳᠣᠯᠭ᠎ᠠ ᠨᠢ ᠭᠡᠷ ᠪᠠᠶᠢᠰᠢᠩ ᠬᠤᠳᠠᠯᠳᠤᠨ ᠠᠪᠤᠭᠴᠢ ᠶᠢᠨ ᠠᠩᠬ᠎ᠠ | ᠲᠤᠰᠢᠶᠠᠬᠤ ᠵᠣᠭᠤᠰ ᠤᠨ ᠳᠠᠷᠤᠭᠠᠰᠤ ᠶᠢ ᠰᠢᠭᠤᠳ ᠪᠥᠭᠡᠳ ᠪᠦᠲᠦᠮᠵᠢᠲᠡᠶ ᠪᠠᠷ ᠬᠥᠩᠭᠡᠯᠡᠭᠰᠡᠨ ᠪᠠᠶᠢᠨ᠎ᠠ ᠭᠡᠵᠡᠢ᠃ | ᠭᠡᠷ ᠪᠠᠶᠢᠰᠢᠩ ᠬᠤᠳᠠᠯᠳᠤᠨ ᠠᠪᠬᠤ ᠱᠠᠭᠠᠷᠳᠠᠯᠭ᠎ᠠ ᠲᠠᠢ ᠪᠣᠯᠪᠠᠴᠤ ᠠᠩᠬ᠎ᠠ ᠲᠤᠰᠢᠶᠠᠬᠤ ᠵᠣᠭᠤᠰ ᠲᠤ ᠳᠠᠷᠤᠯᠲᠠ ᠲᠠᠢ | ᠪᠠᠶᠢᠭ᠎ᠠ ᠮᠠᠰᠢ ᠣᠯᠠᠨ ᠭᠡᠷ ᠪᠦᠯᠢ ᠳᠤ ᠠᠪᠴᠤ ᠬᠡᠯᠡᠪᠡᠯ᠂ ᠲᠣᠰ ᠲᠥᠷᠥ ᠶᠢᠨ ᠪᠣᠳᠣᠯᠭ᠎ᠠ ᠨᠢ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢ ᠠᠩᠬ᠎ᠠ ᠲᠤᠰᠢᠶᠠᠬᠤ ᠪᠡᠯᠡ ᠮᠥᠩᠭᠦ ᠶᠢᠨ ᠴᠢᠬᠤᠯᠠ ᠢᠷᠡᠯᠲᠡ ᠪᠣᠯᠭᠠᠬᠤ ᠶᠢ | ᠠᠬᠢᠭᠤᠯᠬᠤ ᠪᠣᠯᠣᠨ᠎ᠠ᠃ ᠡᠨᠡ ᠨᠢ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠠᠷᠠᠳ ᠲᠤ ᠠᠰᠢᠭ ᠬᠦᠷᠲᠡᠭᠡᠬᠦ ᠪᠠ ᠦᠨᠳᠦᠰᠦᠨ ᠵᠦᠢᠯ ᠢ ᠪᠠᠲᠤᠯᠠᠬᠤ ᠲᠠᠯ᠎ᠠ ᠪᠠᠷ ᠬᠢ ᠴᠢᠬᠤᠯᠠ ᠦᠢᠯᠡᠳᠦᠯ ᠢ | ᠦᠨᠡᠨ ᠬᠦ ᠪᠠᠳᠠᠷᠠᠭᠤᠯᠬᠤ ᠪᠣᠯᠣᠨ᠎ᠠ᠃ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠴᠢᠯᠡᠭᠡ ᠶᠢ ᠤᠯᠠᠮ ᠨᠢᠭᠡ | ᠠᠯᠬᠤᠮ ᠲᠦᠭᠦᠮᠴᠢᠯᠡᠨ᠎ᠡ᠃ ᠪᠡᠭᠡᠵᠢᠩ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠬᠠᠮᠢᠶᠠᠷᠤᠯᠲᠠ ᠶᠢᠨ ᠲᠥᠪ ᠠᠴᠠ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠳᠡᠭᠡᠭᠰᠢᠯᠡᠭᠦᠯᠬᠦ ᠲᠤᠬᠠᠢ | ᠮᠡᠳᠡᠭᠳᠡᠯ︾ ᠨᠡᠶᠢᠲᠡᠯᠡᠵᠦ᠂ ︽ᠤᠳᠠᠰᠤ ᠪᠠᠷ ᠵᠢᠭᠡᠯᠡᠯᠭᠡ ᠤᠯᠭᠤᠬᠤ ᠰᠢᠭᠤᠳ ᠦᠢᠯᠡᠴᠢᠯᠡᠭᠡ︾ ᠶᠢᠨ ᠰᠢᠨ᠎ᠡ | ᠵᠠᠭᠪᠤᠷ ᠢ ᠨᠡᠮᠡᠵᠦ᠂ ᠵᠣᠭᠤᠰ ᠵᠢᠭᠡᠯᠡᠭᠴᠢ ᠤᠲᠠᠰᠤ ᠪᠠᠷ ᠳᠠᠮᠵᠢᠭᠤᠯᠤᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠭᠤᠶᠤᠴᠢᠯᠠᠵᠤ᠂ | ᠪᠥᠬᠦ ᠶᠠᠪᠤᠴᠠ ᠳᠤ ︽ᠣᠷᠣᠯᠴᠠᠬᠤ ᠦᠭᠡᠢ︾ ᠪᠠᠷ ᠪᠡᠶᠡᠯᠡᠭᠦᠯᠵᠦ ᠪᠣᠯᠣᠨ᠎ᠠ᠃ ᠱᠧᠨᠵᠧᠨ᠂ ᠵᠦᠬᠠᠢ᠂ ᠱᠠᠨᠲ᠋ᠧᠦ᠂ | ᠵᠢᠶᠠᠩᠮᠧᠨ᠂ ᠴᠤᠤᠵᠸᠤ᠂ ᠵᠢᠶᠧ ᠶᠠᠩ ᠵᠡᠷᠭᠡ 6 ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠠᠴᠠ ︽ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ︾ | ᠲᠤ ᠵᠢᠩᠬᠢᠨᠢ ᠪᠠᠷ ᠭᠠᠷ ᠤᠨ ᠥᠰᠥᠭ ᠵᠢᠷᠤᠵᠦ᠂ ᠭᠤᠸᠠᠩᠳᠦᠩ ᠮᠤᠵᠢ ᠶᠢᠨ ᠳᠣᠲᠣᠷᠠᠬᠢ ᠣᠨᠳᠣᠣ ᠭᠠᠵᠠᠷ ᠲᠤ | ᠬᠡᠷᠡᠭᠯᠡᠬᠦ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠥᠭᠦᠮᠴᠢᠯᠡᠯᠲᠡ ᠶᠢ ᠤᠯᠠᠮ | ᠨᠢᠭᠡ ᠠᠯᠬᠤᠮ ᠲᠦᠯᠬᠢᠨ ᠠᠬᠢᠭᠤᠯᠵᠤ᠂ ᠠᠵᠢᠯ ᠠᠮᠢᠳᠤᠷᠠᠯ ᠤᠨ ᠬᠠᠷᠠᠭ᠎ᠠ ᠪᠠᠷ ᠬᠤᠲᠠ ᠠᠯᠤᠰᠯᠠᠭᠰᠠᠨ ᠨᠡᠭᠦᠳᠡᠯ | ᠠᠵᠢᠯᠲᠠᠨ ᠠᠵᠢᠯᠴᠢᠨ ᠤ ︽ᠬᠤᠶᠠᠷ ᠲᠠᠯ᠎ᠠ ᠳᠤ ᠭᠦᠶᠦᠬᠦ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ | ᠲᠡᠳᠡᠨ ᠤ ᠠᠮᠤᠷ ᠲᠠᠶᠢᠪᠤᠩ ᠣᠷᠣᠨ ᠰᠠᠭᠤᠴᠠ ᠶᠢᠨ ᠳᠠᠷᠤᠯᠲᠠ ᠶᠢ ᠬᠥᠩᠭᠡᠷᠡᠭᠦᠯᠵᠦ᠂ ︽ᠵᠣᠭᠤᠰ ᠨᠢ ᠬᠥᠮᠥᠨ ᠢᠶᠠᠨ | ᠳᠠᠭᠠᠵᠤ᠂ ᠦᠢᠯᠡᠴᠢᠯᠡᠭᠡ ᠶᠢ ᠬᠠᠮᠲᠤ ᠪᠠᠷ ᠡᠳ᠋ᠯᠡᠬᠦ︾ ᠶᠢ ᠦᠨᠡᠨ ᠬᠦ ᠪᠡᠶᠡᠯᠡᠭᠦᠯᠪᠡ᠃ | ᠡᠭᠦᠨ ᠠᠴᠠ ᠭᠠᠳᠠᠨ᠎ᠠ᠂ ᠡᠯ᠎ᠡ ᠭᠠᠵᠠᠷ ᠤᠨ ᠬᠢᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠴᠢᠯᠡᠭᠡᠨ ᠤ ᠬᠠᠮᠵᠢᠯᠴᠠᠬᠤ ᠲᠠᠯᠠᠪᠤᠷ ᠲᠤ ᠲᠠᠰᠤᠷᠠᠯᠲᠠ ᠦᠭᠡᠢ ᠰᠢᠨ᠎ᠡ ᠶᠢ | ᠡᠭᠦᠳᠴᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠵᠡᠷᠭᠡ | ᠥᠪᠡᠰᠦᠪᠡᠨ ᠰᠠᠭᠤᠬᠤ ᠣᠷᠣᠨ ᠰᠠᠭᠤᠴᠠ ᠶᠢ ᠥᠭᠡᠷᠡᠴᠢᠯᠡᠬᠦ ᠳᠤ ᠬᠡᠷᠡᠭᠯᠡᠬᠦ ᠶᠢ ᠳᠡᠮᠵᠢᠪᠡ᠃ ᠱᠠᠩᠬᠠᠢ ᠬᠤᠳᠠ | ᠣᠶᠢᠷ᠎ᠠ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠣᠷᠣᠨ | ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠴᠢᠯᠡᠬᠦ ᠲᠥᠷᠥᠯ ᠵᠦᠢᠯ ᠢ ᠥᠮᠴᠢᠲᠡᠨ ᠠᠴᠠ ᠬᠠᠤᠯᠢ | ᠶᠣᠰᠣᠭᠠᠷ ᠪᠠᠲᠤᠯᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠥᠮᠴᠢᠲᠡᠨ ᠤ ᠶᠡᠭᠡ ᠬᠤᠷᠠᠯ ᠨᠢ ᠪᠠᠷᠢᠯᠭ᠎ᠠ ᠶᠢᠨ | ᠨᠢᠭᠡᠴᠢ ᠯᠦᠭᠡ ᠪᠠᠷᠢᠯᠭ᠎ᠠ ᠶᠢᠨ ᠭᠡᠷ᠎ᠡ ᠲᠣᠭᠲᠠᠭᠰᠠᠨ ᠤ ᠳᠠᠷᠠᠭ᠎ᠠ᠂ ᠴᠠᠬᠢᠯᠭᠠᠨ ᠱᠠᠲᠤ ᠶᠢ ᠰᠢᠨᠡᠴᠢᠯᠡᠬᠦ ᠵᠠᠷᠤᠳᠠᠯ ᠢ | ᠬᠤᠪᠢᠶᠠᠨ ᠳᠠᠭᠠᠭᠠᠬᠤ ᠴᠢᠬᠤᠯᠠᠲᠠᠢ ᠰᠠᠭᠤᠭᠠᠯᠢ ᠠᠷᠠᠳ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ ᠡᠷᠦᠬᠡ ᠳᠠᠬᠢ ᠬᠠᠳᠠᠭᠠᠯᠠᠮᠵᠢ ᠶᠢᠨ ᠦᠯᠡᠳᠡᠪᠦᠷᠢ ᠪᠠᠨ ᠭᠠᠷᠭᠠᠨ | ᠠᠪᠴᠤ᠂ ᠴᠠᠬᠢᠯᠭᠠᠨ ᠱᠠᠲᠤ ᠶᠢ ᠰᠢᠨᠡᠴᠢᠯᠡᠬᠦ ᠶᠠᠪᠤᠴᠠ ᠳᠠᠬᠢ ᠬᠤᠪᠢ ᠬᠥᠮᠥᠨ ᠤ ᠬᠤᠪᠢᠳᠠᠨ | ᠳᠠᠭᠠᠭᠠᠬᠤ ᠶᠣᠰᠣᠲᠠᠢ ᠥᠪᠡᠷ ᠢᠶᠠᠨ ᠴᠤᠭᠯᠠᠭᠤᠯᠬᠤ ᠬᠡᠰᠡᠭ ᠤᠨ ᠵᠠᠷᠤᠳᠠᠯ ᠢ ᠲᠥᠯᠥᠬᠦ ᠳᠤ ᠬᠡᠷᠡᠭᠯᠡᠵᠦ ᠪᠣᠯᠣᠨ᠎ᠠ | ᠭᠡᠵᠡᠢ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠠᠮᠤᠭ ᠤᠨ | ᠰᠢᠨ᠎ᠡ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠪᠥᠬᠦ ᠤᠯᠤᠰ ᠤᠨ ᠣᠯᠠᠨ ᠭᠠᠵᠠᠷ ᠤᠨ ᠬᠢᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠡᠷᠡᠭᠯᠡᠬᠦ ᠲᠥᠷᠥ ᠶᠢᠨ ᠪᠣᠳᠣᠯᠭ᠎ᠠ ᠪᠠᠨ | ᠦᠷᠭᠦᠯᠵᠢᠯᠡᠨ ᠰᠢᠯᠢᠳᠡᠭᠵᠢᠭᠦᠯᠵᠦ᠂ ᠣᠨᠳᠣᠣ ᠭᠠᠵᠠᠷ ᠠᠴᠠ ᠵᠢᠭᠡᠯᠡᠯᠭᠡ ᠠᠪᠬᠤ ᠪᠠ ᠣᠨᠳᠣᠣ ᠭᠠᠵᠠᠷ ᠠᠴᠠ ᠭᠡᠷ | ᠪᠠᠶᠢᠰᠢᠩ ᠬᠤᠳᠠᠯᠳᠤᠨ ᠠᠪᠬᠤ ᠶᠢ ᠶᠡᠬᠡᠪᠡᠷ ᠲᠡᠮᠵᠢᠪᠠ᠃ ᠡᠯ᠎ᠡ ᠭᠠᠵᠠᠷ ᠤᠨ ᠰᠠᠯᠠᠭ᠎ᠠ ᠮᠥᠴᠢᠷ ᠠᠯᠤᠰᠯᠠᠭᠰᠠᠨ | ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠬᠥᠲᠥᠯᠥᠨ ᠵᠢᠯᠤᠭᠤᠳᠴᠤ ᠴᠢᠩᠭᠠᠳᠬᠠᠬᠤ ᠲᠠᠯ᠎ᠠ ᠪᠠᠷ᠂ ᠪᠥᠬᠦ | ᠵᠢᠯ ᠳᠤ ᠡᠯ᠎ᠡ ᠭᠠᠵᠠᠷ ᠤᠨ ᠬᠢᠨ ᠨᠡᠶᠢᠲᠡ 87 ᠲᠥᠷᠥᠯ ᠤᠨ ᠬᠠᠮᠲᠤ ᠪᠠᠷ ᠡᠳ᠋ᠯᠡᠬᠦ ᠲᠤᠭ᠎ᠠ ᠪᠠᠷᠢᠮᠲᠠ ᠶᠢ 1.68 | ᠳ᠋ᠦᠩᠰᠢᠭᠤᠷ ᠤᠳᠠᠭ᠎ᠠ ᠰᠢᠯᠵᠢᠭᠦᠯᠦᠨ ᠬᠡᠷᠡᠭᠯᠡᠵᠦ᠂ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ︽ | ᠶᠠᠪᠤᠴᠠ ᠶᠢ ᠨᠠᠩ ᠰᠢᠯᠢᠳᠡᠭ ᠪᠣᠯᠭᠠᠵᠤ᠂ ᠮᠠᠲ᠋ᠧᠷᠢᠶᠠᠯ ᠢ ᠨᠠᠩ ᠲᠥᠬᠦᠮ ᠪᠤᠯᠭᠠᠪᠠ︾᠃ | ᠢᠷᠡᠯᠲᠡ᠄ ᠰᠢᠨᠬᠤᠸᠠ ᠬᠤᠷᠢᠶ᠎ᠠ |