ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠡ ᠶᠢ | ᠦᠨᠳᠦᠰᠦᠯᠡᠪᠡᠯ᠂ ᠨᠢᠳᠤᠨᠤᠨ ᠤ ᠵᠢᠯ ᠤᠨ ᠡᠴᠦᠰ ᠪᠣᠯᠲᠠᠯ᠎ᠠ ᠪᠦᠬᠦ ᠤᠯᠤᠰ ᠲᠤ ᠪᠢᠴᠢᠯ ᠴᠡᠴᠡᠷᠯᠢᠭ ᠤᠨ ᠪᠦᠳᠦᠭᠡᠨ | ᠪᠠᠶᠢᠭᠤᠯᠤᠯᠳᠠ 4.8 ᠲᠦᠮᠡ ᠶᠢ ᠲᠠᠪᠠᠵᠠᠢ᠃ ᠣᠳᠣᠬᠠᠨ ᠳᠤ᠂ ᠠᠷᠠᠳ ᠤᠯᠠᠨ ᠤ ᠳᠡᠷᠭᠡᠳᠡᠬᠢ | ᠨᠤᠭᠤᠭᠠᠷᠠᠭᠤᠯᠤᠯᠳᠠ ᠶᠢᠨ ᠣᠷᠣᠨ ᠪᠦᠰᠡ ᠲᠠᠰᠤᠷᠠᠯᠳᠠ ᠦᠭᠡᠢ ᠥᠷᠭᠡᠵᠢᠵᠦ ᠪᠠᠶᠢᠨ᠎ᠠ᠃ | ᠨᠢᠳᠤᠨᠤᠨ ᠤ ᠵᠢᠯ ᠤᠨ ᠡᠴᠦᠰ ᠪᠣᠯᠲᠠᠯ᠎ᠠ ᠪᠥᠬᠦ ᠤᠯᠤᠰ ᠲᠤ ᠪᠢᠴᠢᠯ ᠴᠡᠴᠡᠷᠯᠢᠭ ᠤᠨ ᠪᠦᠳᠦᠭᠡᠨ | ᠪᠠᠶᠢᠭᠤᠯᠤᠯᠳᠠ 4.8 ᠲᠦᠮᠡ ᠶᠢ ᠲᠠᠪᠠᠵᠠᠢ | ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2024 ᠣᠨ ᠤ ᠡᠴᠦᠰ ᠪᠣᠯᠲᠠᠯ᠎ᠠ᠂ | ᠪᠥᠬᠦ ᠤᠯᠤᠰ ᠲᠤ ᠨᠢᠭᠡᠨᠲᠡ 4.8 ᠲᠦᠮᠡ ᠭᠠᠷᠤᠢ ᠪᠢᠴᠢᠯ ᠴᠡᠴᠡᠷᠯᠢᠭ ᠪᠠᠶᠢᠭᠤᠯᠵᠤ᠂ ᠨᠣᠭᠤᠭᠠᠨ ᠵᠠᠮ 12.8 | ᠲᠦᠮᠡᠨ ᠺᠢᠯᠣᠮᠧᠲᠷ ᠢ ᠳᠠᠪᠠᠭᠰᠠᠨ ᠪᠠᠶᠢᠨ᠎ᠠ᠃ 360 ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ | ᠬᠤᠲᠠ ᠳᠤ ᠴᠡᠴᠡᠷᠯᠢᠭ ᠤᠨ ᠨᠤᠭᠤᠭᠠᠷᠠᠭᠤᠯᠤᠯᠳᠠ ᠶᠢᠨ ᠭᠠᠵᠠᠷ ᠢ ᠨᠡᠭᠡᠭᠡᠨ ᠬᠠᠮᠲᠤ ᠪᠠᠷ ᠡᠳ᠋ᠯᠡᠬᠦ ᠶᠢ ᠬᠡᠷᠡᠭᠵᠢᠭᠦᠯᠵᠦ᠂ | 1.8 ᠲᠦᠮᠡ ᠭᠠᠷᠤᠢ ᠾᠧᠺᠲ᠋ᠠᠷ ᠵᠦᠯᠭᠡ ᠶᠢ ᠡᠭᠡᠯᠵᠢᠯᠡᠨ ᠰᠣᠯᠢᠵᠤ᠂ 18 ᠲᠦᠮᠡ ᠭᠠᠷᠤᠢ ᠪᠡᠶ᠎ᠡ | ᠴᠢᠭᠢᠷᠠᠭᠵᠢᠭᠤᠯᠬᠤ ᠲᠥᠬᠦᠭᠡᠷᠦᠮᠵᠢ ᠶᠢ ᠨᠡᠮᠡᠭᠳᠡᠭᠦᠯᠪᠡ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠢᠯᠡᠷᠬᠡᠶᠢᠯᠡᠬᠦ ᠳᠡᠭᠡᠨ᠂ | ᠲᠠᠷᠠᠭᠠᠴᠢ ᠶᠢᠨ ᠠᠯᠬᠤᠮ ᠳᠤ ᠡᠮᠦᠨᠡᠬᠢ ᠬᠤᠭᠤᠴᠠᠭᠠᠨ ᠤ ᠲᠤᠷᠰᠢᠯᠲᠠ ᠶᠢᠨ ᠰᠠᠭᠤᠷᠢᠨ ᠳᠡᠭᠡᠷ᠎ᠡ᠂ ᠡᠯ᠎ᠡ ᠭᠠᠵᠠᠷ ᠤᠨ | ᠬᠢᠨ ᠤ ᠴᠡᠴᠡᠷᠯᠢᠭ ᠤᠨ ᠨᠤᠭᠤᠭᠠᠷᠠᠭᠤᠯᠤᠯᠳᠠ ᠶᠢ ᠨᠡᠭᠡᠭᠡᠨ ᠬᠠᠮᠲᠤ ᠪᠠᠷ ᠡᠳ᠋ᠯᠡᠬᠦ ᠰᠢᠨ᠎ᠡ ᠣᠷᠣᠨ ᠪᠦᠰᠡ ᠶᠢ | ᠢᠳᠡᠪᠬᠢᠲᠡᠢ ᠪᠠᠷ ᠥᠷᠭᠡᠳᠬᠡᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠣᠷᠣᠵᠤ ᠪᠣᠯᠬᠤ᠂ ᠪᠡᠶᠡᠴᠢᠯᠡᠨ | ᠣᠶᠢᠯᠠᠭᠠᠵᠤ ᠪᠣᠯᠬᠤ ᠠᠵᠢᠯᠯᠠᠭᠠᠨ ᠤ ᠲᠠᠯᠠᠪᠤᠷ ᠢ ᠨᠡᠮᠡᠭᠳᠡᠭᠦᠯᠵᠦ᠂ ᠴᠡᠴᠡᠷᠯᠢᠭ ᠤᠨ ᠵᠦᠯᠭᠡ᠂ ᠣᠶ ᠶᠢᠨ ᠬᠤᠷᠮᠣᠢ ᠶᠢᠨ | ᠣᠷᠣᠨ ᠪᠦᠰᠡ ᠵᠢᠴᠢ ᠰᠤᠯᠠ ᠭᠠᠵᠠᠷ ᠵᠡᠷᠭᠡ ᠣᠷᠣᠨ ᠪᠦᠰᠡ ᠳᠤ ᠬᠠᠮᠲᠤ ᠪᠠᠷ ᠡᠳ᠋ᠯᠡᠬᠦ ᠣᠷᠣᠨ ᠪᠦᠰᠡ ᠶᠢ | ᠵᠠᠭᠠᠭᠯᠠᠨ ᠲᠣᠭᠲᠠᠭᠠᠵᠤ᠂ ᠢᠵᠢ ᠪᠦᠷᠢᠳᠦᠭᠦᠯᠬᠦ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠦᠨ᠂ | ᠴᠡᠴᠡᠷᠯᠢᠭ ᠤᠨ ᠣᠯᠠᠨ ᠡᠰᠢᠲᠦ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠎ᠡ ᠭᠡᠵᠡᠢ᠃ | ᠭᠡᠷ ᠤᠨ ᠡᠭᠦᠳᠡᠨ ᠳᠠᠬᠢ ᠲᠠᠮᠢᠷ ᠤᠨ ᠴᠡᠴᠡᠷᠯᠢᠭ ᠨᠢ ᠦᠵᠡᠮᠵᠢ ᠰᠣᠨᠢᠷᠬᠠᠨ ᠪᠡᠶ᠎ᠡ ᠴᠢᠭᠢᠷᠠᠭᠵᠢᠭᠤᠯᠬᠤ ᠬᠤᠤᠰ | ᠦᠢᠯᠡᠳᠦᠯ ᠲᠠᠢ | ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ ᠤᠨ ᠬᠢᠨ ︽ᠴᠡᠴᠡᠷᠯᠢᠭ + ᠪᠡᠶ᠎ᠡ ᠶᠢᠨ ᠲᠠᠮᠢᠷ︾ ᠤᠨ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠠᠩ ᠣᠯᠠᠨ ᠡᠭᠦᠳᠡᠨ ᠡᠮᠦᠨᠡᠬᠢ ᠪᠡᠶ᠎ᠡ ᠶᠢᠨ ᠲᠠᠮᠢᠷ ᠤᠨ | ᠴᠡᠴᠡᠷᠯᠢᠭ ᠨᠢ ᠰᠠᠭᠤᠭᠠᠯᠢ ᠠᠷᠠᠳ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠵᠤ ᠪᠠᠶᠢᠨ᠎ᠠ᠃ | ᠥᠷᠯᠥᠭᠡ ᠡᠷᠲᠡ᠂ ᠵᠧᠵᠢᠶᠠᠩ ᠮᠤᠵᠢ ᠶᠢᠨ ᠴᠢᠦᠢ ᠵᠧᠦ ᠶᠢᠨ ᠠᠷᠪᠠᠨ ᠭᠠᠵᠠᠷ ᠤᠨ ᠲᠠᠮᠢᠷ ᠤᠨ ᠬᠥᠳᠡᠯᠭᠡᠭᠡᠨ | ᠰᠡᠯᠡᠭᠦᠴᠡᠯ ᠤᠨ ᠣᠷᠳᠣ ᠬᠤᠩᠭᠢᠯ ᠤᠨ ᠬᠥᠭᠦᠷᠭᠡᠨ ᠲᠤᠤᠷ᠎ᠠ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠪᠠᠶᠢᠵᠠᠢ᠃ | ᠬᠤᠲᠠ ᠶᠢᠨ ᠠᠷᠠᠳ ᠤᠳ ᠬᠥᠭᠵᠢᠮ ᠤᠨ ᠠᠶ᠎ᠠ ᠪᠠᠷ ᠳᠡᠪᠬᠡᠷᠦᠨ ᠪᠥᠵᠢᠭᠯᠡᠨ᠎ᠡ᠂ ᠡᠰᠡᠬᠦᠯ᠎ᠡ ᠶᠠᠪᠠᠭᠠᠨ ᠵᠠᠮ ᠢᠶᠠᠷ | ᠭᠦᠶᠦᠨ᠎ᠡ᠂ ᠡᠰᠡᠬᠦᠯ᠎ᠡ ᠥᠳᠥᠨ ᠪᠥᠮᠪᠦᠭᠡ ᠶᠢᠨ ᠲᠠᠯᠠᠪᠠᠶ ᠳᠤ ᠫᠠᠶᠢᠰᠠ ᠬᠤᠷᠤᠶᠢᠯᠠᠵᠤ ᠦᠵᠡᠯᠴᠡᠨᠡ᠃ | ᠣᠶᠢᠯᠠᠭᠠᠭᠰᠠᠨ ᠢᠶᠠᠷ᠂ ᠡᠨᠡ ᠬᠦ ᠰᠡᠯᠡᠭᠦᠴᠡᠯ ᠤᠨ ᠣᠷᠳᠣ ᠬᠤᠩᠭᠢᠯ ᠨᠢ ᠪᠦᠬᠦᠯᠢ ᠴᠣᠭᠴᠠ ᠶᠢᠨ | ᠲᠥᠯᠦᠪᠵᠢᠭᠦᠯᠭᠡ ᠪᠠᠷ ᠳᠡᠮᠵᠢᠨ᠂ ᠵᠠᠮ ᠳᠠᠭᠠᠤ ᠶᠢᠨ ᠥᠨᠴᠥᠭ ᠪᠤᠯᠤᠩ ᠤᠨ ᠣᠷᠣᠨ ᠪᠦᠰᠡ ᠶᠢ ᠭᠦᠢᠴᠡᠳ | ᠠᠭᠤᠳᠠᠯᠵᠤ᠂ ᠰᠤᠯᠠ ᠪᠠᠶᠢᠭ᠎ᠠ ᠥᠨᠴᠥᠭ ᠪᠤᠯᠤᠩ ᠢ ᠬᠠᠶᠠᠭᠳᠠᠮᠠᠯ ᠡᠷᠳᠡᠨᠢ ᠪᠣᠯᠭᠠᠨ ᠬᠤᠪᠢᠷᠠᠭᠤᠯᠵᠤ᠂ ᠰᠠᠭᠰᠤᠨ | ᠪᠥᠮᠪᠦᠭᠡ ᠶᠢᠨ ᠲᠠᠯᠠᠪᠤᠷ᠂ ᠬᠥᠯ ᠪᠥᠮᠪᠦᠭᠡ ᠶᠢᠨ ᠲᠠᠯᠠᠪᠤᠷ᠂ ᠥᠲᠥᠨ ᠪᠥᠮᠪᠦᠭᠡ ᠶᠢᠨ ᠲᠠᠯᠠᠪᠤᠷ ᠢ ᠪᠠᠭᠲᠠᠭᠠᠭᠰᠠᠨ 11 | ᠲᠤᠰᠬᠠᠢ ᠮᠡᠷᠭᠡᠵᠢᠯ ᠤᠨ ᠲᠠᠮᠢᠷ ᠤᠨ ᠲᠠᠯᠠᠪᠤᠷ ᠭᠠᠷᠭᠠᠭᠰᠠᠨ ᠪᠠᠶᠢᠨ᠎ᠠ᠃ | ᠪᠦᠷᠦᠢ ᠲᠠᠰᠤᠷᠠᠬᠤ ᠦᠶ᠎ᠡ ᠳᠤ ᠢ ᠦ᠋ ᠶᠢᠨ ᠬᠤᠷᠢᠨ ᠭᠤᠷᠪᠠᠨ ᠭᠠᠵᠠᠷ ᠤᠨ ᠵᠡᠭᠡᠯᠢ ᠭᠤᠳᠤᠮᠵᠢ ᠴᠢᠤᠸᠠᠨ | ᠲᠠᠩ ᠲᠣᠰᠬᠤᠨ ᠤ ᠡᠨᠡ ᠬᠦ ᠬᠥᠭᠦᠷᠭᠡᠨ ᠲᠤᠤᠷ᠎ᠠ ᠪᠡᠶ᠎ᠡ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠬᠥᠮᠥᠰ ᠴᠥᠭᠡᠨ | ᠪᠤᠰᠤ ᠴᠤᠭᠯᠠᠷᠠᠵᠤ᠂ ᠬᠡᠦᠬᠡᠳ ᠤᠳ ᠵᠤᠭ᠎ᠠ ᠴᠡᠩᠭᠡᠯ ᠤᠨ ᠲᠣᠭᠤᠷᠢᠭ ᠲᠤ ᠳᠡᠭᠦᠵᠢᠩ᠂ ᠭᠤᠯᠭᠤᠭᠤᠷ ᠱᠠᠲᠤᠨ | ᠳᠡᠭᠡᠷ᠎ᠡ ᠬᠥᠭᠡᠷᠦᠯᠳᠦᠨ ᠲᠤᠭᠯᠠᠵᠤ᠂ ᠭᠡᠷ ᠤᠨ ᠠᠬᠠᠮᠠᠳ ᠨᠢ ᠪᠡᠶ᠎ᠡ ᠪᠠᠨ ᠪᠣᠯᠪᠠᠰᠤᠷᠠᠭᠤᠯᠵᠤ᠂ ᠰᠠᠭᠰᠤᠨ | ᠪᠥᠮᠪᠦᠭᠡ ᠶᠢᠨ ᠲᠠᠯᠠᠪᠤᠷ ᠪᠠ ᠥᠳᠥᠨ ᠪᠥᠮᠪᠦᠭᠡ ᠶᠢᠨ ᠲᠠᠯᠠᠪᠤᠷ ᠲᠤ ᠨᠡᠩ ᠴᠤ ᠬᠥᠮᠥᠰ ᠤᠨ ᠬᠦᠷᠢᠶᠡᠯᠡᠯ ᠢ ᠣᠯᠵᠤ | ᠪᠠᠶᠢᠯ᠎ᠠ᠃ ᠥᠩᠭᠡᠷᠡᠭᠰᠡᠨ ᠤ ᠠᠰᠢᠭᠯᠠᠮᠵᠢ ᠠᠨᠠᠢ 6000 ᠲᠡᠭᠰᠢ ᠳᠥᠷᠪᠡᠯᠵᠢᠨ ᠮᠧᠲᠷ ᠤᠨ ᠬᠥᠭᠦᠷᠭᠡᠨ ᠳᠣᠣᠷᠠᠬᠢ | ᠡᠨᠡ ᠬᠦ ᠣᠷᠣᠨ ᠪᠦᠰᠡ ᠨᠢ ᠣᠲᠣ ᠨᠢᠭᠡᠨᠲᠡ ᠲᠥᠬᠦᠭᠡᠷᠦᠮᠵᠢ ᠪᠦᠷᠢᠨ ᠭᠦᠢᠴᠡᠳ ᠲᠠᠮᠢᠷ ᠤᠨ ᠴᠡᠴᠡᠷᠯᠢᠭ ᠪᠣᠯᠤᠭᠰᠠᠨ | ᠪᠠᠶᠢᠨ᠎ᠠ᠃ | ᠣᠳᠣᠬᠠᠨ ᠳᠤ᠂ ︽ᠴᠡᠴᠡᠷᠯᠢᠭ + ᠪᠡᠶ᠎ᠡ ᠶᠢᠨ ᠲᠠᠮᠢᠷ︾ ᠤᠨ ᠵᠠᠭᠪᠤᠷ ᠨᠢ ᠲᠤᠬᠠᠢ ᠶᠢᠨ ᠭᠠᠵᠠᠷ ᠲᠤ | ᠨᠢᠭᠡᠨᠲᠡ ᠵᠢᠱᠢᠶ᠎ᠡ ᠦᠵᠡᠭᠦᠯᠬᠦ ᠦᠢᠯᠡᠳᠦᠯ ᠦᠵᠡᠭᠦᠯᠵᠦ᠂ ᠴᠥᠭᠡᠨ ᠪᠤᠰᠤ ᠨᠡᠶᠢᠭᠡᠮ ᠤᠨ ᠬᠥᠷᠥᠩᠭᠡ ᠶᠢᠨ | ᠠᠩᠬᠠᠷᠤᠯ ᠢ ᠲᠠᠲᠠᠵᠤ ᠡᠬᠢᠯᠡᠭᠰᠡᠨ ᠪᠠᠶᠢᠨ᠎ᠠ᠃ ᠡᠨᠡ ᠵᠢᠯ ᠠᠴᠠ ᠨᠠᠰᠢ᠂ ᠬᠤᠷᠢᠨ ᠭᠤᠷᠪᠠᠨ ᠭᠠᠵᠠᠷ ᠤᠨ ᠵᠡᠭᠡᠯᠢ | ᠭᠤᠳᠤᠮᠵᠢ ᠶᠢᠨ ᠪᠤᠰᠤᠳ ᠬᠡᠳᠦᠨ ᠲᠣᠰᠬᠤᠨ ᠳᠤ ᠴᠤ ᠬᠥᠭᠦᠷᠭᠡᠨ ᠳᠣᠣᠷᠠᠬᠢ ᠴᠡᠴᠡᠷᠯᠢᠭ ᠢ ᠥᠭᠡᠷᠡᠴᠢᠯᠡᠨ | ᠪᠠᠶᠢᠭᠤᠯᠬᠤ ᠢᠨᠵᠧᠨᠧᠷᠢᠩ ᠢ ᠵᠠᠯᠭᠠᠭ᠎ᠠ ᠪᠠᠷ ᠡᠬᠢᠯᠡᠭᠦᠯᠦᠭᠰᠡᠨ ᠪᠠᠶᠢᠨ᠎ᠠ᠃ | ᠵᠠᠷᠢᠮ ᠬᠤᠲᠠ ᠶᠢᠨ ᠬᠢᠨ ᠪᠠᠰᠠ ᠲᠤᠰᠬᠠᠶᠢᠯᠠᠨ ᠬᠡᠦᠬᠡᠳ ᠤᠨ ᠨᠥᠬᠦᠷᠰᠡᠭ ᠬᠡᠯᠪᠡᠷᠢ ᠶᠢᠨ ᠲᠠᠮᠢᠷ ᠤᠨ | ᠲᠠᠯᠠᠪᠤᠷ ᠢ ᠪᠠᠶᠢᠭᠤᠯᠤᠭᠰᠠᠨ ᠪᠠᠶᠢᠨ᠎ᠠ᠃ ᠣᠷᠳᠣᠰ ᠤᠨ ᠳ᠋ᠦᠩᠱᠧᠩ ᠲᠣᠭᠤᠷᠢᠭ ᠲᠤ᠂ ᠬᠡᠦᠬᠡᠳ ᠤᠨ ᠠᠵᠢᠯᠯᠠᠭᠠᠨ ᠤ | ᠣᠷᠣᠨ ᠪᠦᠰᠡ ᠶᠢ ᠪᠠᠶᠠᠯᠢᠭᠵᠢᠭᠤᠯᠬᠤ ᠶᠢᠨ ᠲᠥᠯᠥᠭᠡ᠂ ᠲᠤᠬᠠᠢ ᠶᠢᠨ ᠭᠠᠵᠠᠷ ᠤᠨ ᠬᠢᠨ 21 ︽ᠵᠢᠵᠢᠭ ᠮᠥᠷᠲᠡᠭᠡᠨ | ᠨᠠᠷᠢᠯᠢᠭ︾ ︽ᠵᠢᠵᠢᠭ ᠮᠥᠷᠲᠡᠭᠡᠨ ᠭᠤᠶᠣ︾ ᠪᠢᠴᠢᠯ ᠴᠡᠴᠡᠷᠯᠢᠭ ᠢ ᠪᠠᠶᠢᠭᠤᠯᠤᠭᠰᠠᠨ ᠪᠥᠭᠡᠳ ᠲᠤᠬᠠᠢ ᠶᠢᠨ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ 200 ᠭᠠᠷᠤᠢ ᠢᠵᠢ ᠡᠯᠡᠰᠦᠨ ᠲᠠᠩ᠂ ᠭᠤᠯᠭᠤᠭᠤᠷ ᠱᠠᠲᠤ᠂ ᠬᠠᠳᠠ | ᠠᠪᠠᠷᠢᠬᠤ ᠵᠡᠷᠭᠡ ᠲᠥᠬᠦᠭᠡᠷᠦᠮᠵᠢ ᠶᠢ ᠪᠠᠶᠢᠭᠤᠯᠵᠤ᠂ ᠬᠡᠦᠬᠡᠳ ᠤᠨ ᠦᠰᠦᠨ ᠪᠤᠶᠢᠵᠢᠯᠲᠠ ᠳᠤ ᠨᠠᠩ ᠣᠯᠠᠨ᠂ ᠨᠠᠩ | ᠨᠥᠬᠦᠷᠰᠡᠭ ᠣᠷᠣᠨ ᠪᠦᠰᠡ ᠬᠠᠩᠭᠠᠭᠰᠠᠨ ᠪᠠᠶᠢᠨ᠎ᠠ᠃ | ︽ᠴᠡᠴᠡᠷᠯᠢᠭ ᠮᠠᠶ᠋ᠢᠭ︾ ᠤᠨ ᠬᠤᠳᠠᠯᠳᠤᠭᠠᠨ ᠤ ᠲᠠᠯᠠᠪᠤᠷ ᠪᠠᠷᠠᠭ᠎ᠠ ᠬᠤᠳᠠᠯᠳᠤᠨ ᠠᠪᠬᠤ ᠰᠢᠨ᠎ᠡ ᠪᠡᠶᠡᠴᠢ | ᠣᠶᠢᠯᠠᠭᠠᠯᠲᠠ ᠶᠢ ᠪᠣᠶ ᠪᠣᠯᠭᠠᠪᠠ | ᠴᠡᠴᠡᠷᠯᠢᠭ ᠤᠨ ᠨᠤᠭᠤᠭᠠᠷᠠᠭᠤᠯᠤᠯᠳᠠ ᠨᠢ ᠪᠢᠳᠡᠨ ᠳᠤ ᠰᠤᠯᠠ ᠰᠡᠯᠡᠭᠦᠦ ᠪᠠ ᠪᠠᠶᠠᠷ ᠪᠠᠶᠠᠰᠤᠯ ᠢ ᠠᠪᠴᠢᠷᠠᠵᠤ | ᠥᠭᠲᠡᠭ᠂ ᠣᠲᠣ ᠴᠥᠭᠡᠨ ᠪᠤᠰᠤ ᠬᠤᠲᠠ ᠳᠤ ︽ᠴᠡᠴᠡᠷᠯᠢᠭ ᠮᠠᠶ᠋ᠢᠭ︾ ᠤᠨ ᠬᠤᠳᠠᠯᠳᠤᠭᠠᠨ ᠤ ᠲᠠᠯᠠᠪᠤᠷ ᠪᠣᠶ | ᠪᠣᠯᠵᠤ ᠪᠠᠶᠢᠨ᠎ᠠ᠂ ᠡᠶᠢᠮᠦᠷᠬᠦ ᠪᠠᠶᠢᠭᠠᠯᠢ ᠶᠢᠨ ᠦᠵᠡᠮᠵᠢ᠂ ᠬᠤᠳᠠᠯᠳᠤᠭᠠᠨ ᠤ ᠲᠥᠬᠦᠭᠡᠷᠦᠮᠵᠢ ᠪᠠ ᠣᠯᠠᠨ ᠡᠰᠢᠲᠦ | ᠰᠣᠶᠣᠯ ᠤᠨ ᠣᠷᠣᠨ ᠪᠦᠰᠡ ᠶᠢ ᠨᠢᠭᠡ ᠴᠣᠭᠴᠠᠵᠢᠭᠤᠯᠤᠭᠰᠠᠨ ᠰᠢᠨ᠎ᠡ ᠮᠠᠶ᠋ᠢᠭ ᠤᠨ ᠠᠮᠢᠳᠤᠷᠠᠯ ᠤᠨ ᠠᠷᠭ᠎ᠠ ᠮᠠᠶ᠋ᠢᠭ | ᠨᠢ ᠶᠠᠭ ᠥᠪᠡᠷᠮᠢᠴᠡ ᠲᠠᠲᠠᠬᠤ ᠬᠦᠴᠦᠨ ᠢᠶᠠᠷ ᠬᠤᠲᠠ ᠶᠢᠨ ᠠᠮᠢᠳᠤᠷᠠᠯ ᠤᠨ ᠰᠢᠨ᠎ᠡ ᠬᠡᠪ ᠰᠤᠷᠲᠠᠯ ᠢ ᠬᠥᠲᠥᠯᠵᠦ | ᠪᠠᠶᠢᠨ᠎ᠠ᠃ | ᠭᠤᠸᠠᠩᠳᠦᠩ ᠤᠨ ᠾᠦᠢᠵᠸᠤ ᠳᠤ᠂ ︽ᠡᠷᠪᠡᠬᠡᠢ ᠶᠢᠨ ᠬᠥᠨᠳᠡᠢ︾ ᠭᠡᠬᠦ ᠨᠡᠷ᠎ᠡ ᠲᠠᠢ ᠬᠤᠳᠠᠯᠳᠤᠭᠠᠨ ᠤ ᠳᠡᠯᠭᠡᠭᠦᠷ ᠲᠤ | ᠣᠷᠣᠬᠤ ᠳᠤ᠂ ᠶᠠᠭ ᠯᠠ ᠨᠢᠭᠡᠨ ︽ᠤᠢ ᠰᠢᠭᠤᠢ ᠶᠢᠨ ᠠᠷᠰᠢ ᠶᠢᠨ ᠣᠷᠣᠨ︾ ᠳᠤ ᠣᠷᠣᠭᠰᠠᠨ ᠰᠢᠭ᠋ ᠢᠶᠠᠷ᠂ | ᠬᠦᠳᠡᠷ ᠪᠦᠳᠦᠭᠦᠨ ᠮᠣᠳᠣᠳ ᠰᠦᠨᠳᠡᠷᠯᠡᠨ ᠰᠦᠯᠵᠢᠯᠳᠦᠵᠦ᠂ ᠠᠮᠢᠳᠤᠯᠢᠭ ᠰᠠᠶᠢᠬᠠᠨ ᠪᠠᠶᠢᠭᠠᠯᠢ ᠶᠢᠨ ᠦᠵᠡᠮᠵᠢ ᠶᠢ | ᠪᠦᠷᠢᠯᠳᠦᠭᠦᠯᠵᠡᠢ᠃ | ᠡᠨᠡ ᠬᠦ ᠬᠤᠳᠠᠯᠳᠤᠭᠠᠨ ᠤ ᠲᠠᠯᠠᠪᠤᠷ ᠨᠢ ᠨᠢᠭᠡᠨᠲᠡ ᠲᠠᠩ ᠭᠠᠭᠴᠠ ᠬᠤᠳᠠᠯᠳᠤᠭᠠᠨ ᠤ ᠲᠠᠯᠠᠪᠤᠷ ᠪᠢᠰᠢ᠂ | ᠪᠠᠶᠢᠭᠠᠯᠢ ᠶᠢᠨ ᠦᠵᠡᠮᠵᠢ᠂ ᠬᠤᠳᠠᠯᠳᠤᠭᠠᠨ ᠤ ᠲᠥᠬᠦᠭᠡᠷᠦᠮᠵᠢ ᠪᠠ ᠰᠣᠶᠣᠯ ᠤᠨ ᠤᠶᠢᠯᠠᠭᠠᠯᠳᠠ ᠶᠢ ᠠᠭᠤᠰᠬᠠᠭᠰᠠᠨ | ︽ᠴᠡᠴᠡᠷᠯᠢᠭ ᠮᠠᠶ᠋ᠢᠭ︾ ᠤᠨ ᠬᠤᠳᠠᠯᠳᠤᠭᠠᠨ ᠤ ᠲᠠᠯᠠᠪᠤᠷ ᠪᠣᠯᠵᠤ ᠬᠤᠪᠢᠷᠠᠵᠠᠢ᠃ | ᠱᠧᠨᠵᠧᠨ ᠳᠤ᠂ ︽ᠴᠡᠴᠡᠷᠯᠢᠭ ᠮᠠᠶ᠋ᠢᠭ︾ ᠤᠨ ᠬᠤᠳᠠᠯᠳᠤᠭᠠᠨ ᠤ ᠲᠠᠯᠠᠪᠤᠷ ᠴᠤ ᠭᠠᠵᠠᠷ ᠪᠣᠯᠭᠠᠨ ᠳᠤ | ᠬᠠᠷᠠᠭᠳᠠᠨ᠎ᠠ᠂ ᠲᠡᠳᠡᠨ ᠤ ᠪᠠᠶᠢᠭᠠᠯᠢ ᠶᠢᠨ ᠦᠵᠡᠮᠵᠢ ᠶᠢᠨ ᠵᠢᠷᠤᠭ ᠲᠥᠯᠥᠪᠯᠡᠭᠡ ᠨᠢ ᠵᠥᠪᠬᠡᠨ ᠳᠥᠭᠦᠮᠬᠡᠨ ᠨᠣᠭᠤᠭᠠᠨ | ᠤᠷᠭᠤᠮᠠᠯ ᠤᠨ ᠣᠪᠣᠭᠠᠯᠠᠯ ᠲᠡᠳᠦᠢ ᠪᠢᠰᠢ᠂ ᠬᠠᠷᠢᠨ ᠠᠮᠢ ᠠᠬᠤᠢ ᠶᠢᠨ ᠰᠢᠰᠲ᠋ᠧᠮ ᠤᠨ ᠡᠭᠦᠳᠡᠨ ᠠᠴᠠ ᠡᠭᠦᠰᠴᠦ᠂ | ᠵᠢᠵᠢᠭ ᠬᠡᠯᠪᠡᠷᠢ ᠶᠢᠨ ᠪᠠᠶᠢᠭᠠᠯᠢ ᠶᠢᠨ ᠣᠷᠴᠢᠯ ᠢ ᠪᠣᠶ ᠪᠣᠯᠭᠠᠳᠠᠭ᠃ ᠤᠷᠭᠤᠮᠠᠯ ᠤᠨ ᠤᠯᠠᠨ ᠶᠠᠩᠵᠤᠲᠤ ᠴᠢᠨᠠᠷ ᠨᠢ | ᠣᠷᠴᠢᠨ ᠲᠣᠭᠤᠷᠢᠨ ᠢ ᠭᠤᠶᠣᠵᠢᠭᠤᠯᠤᠭᠰᠠᠨ ᠢᠶᠠᠷ ᠦᠯᠦ ᠪᠠᠷᠠᠮ᠂ ᠬᠡᠰᠡᠭ ᠭᠠᠵᠠᠷ ᠤᠨ ᠠᠭᠤᠷ ᠠᠮᠢᠰᠬᠤᠯ ᠢ | ᠵᠣᠬᠢᠴᠠᠭᠤᠯᠵᠤ᠂ ᠬᠤᠭ ᠲᠣᠭᠤᠰᠣ ᠶᠢ ᠰᠣᠷᠣᠨ ᠨᠠᠭᠠᠯᠳᠤᠭᠤᠯᠵᠤ᠂ ᠬᠤᠳᠠ ᠶᠢᠨ ᠠᠷᠠᠳ ᠲᠤ ᠨᠢᠭᠡᠨ ᠰᠢᠨ᠎ᠡ | ᠰᠣᠷᠭᠤᠭ᠂ ᠲᠠᠭᠠᠯᠠᠮᠵᠢᠲᠠᠢ ᠰᠡᠯᠡᠭᠦᠴᠡᠯ ᠤᠨ ᠣᠷᠣᠨ ᠪᠦᠰᠡ ᠶᠢ ᠬᠠᠩᠭᠠᠵᠤ ᠥᠭᠭᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠱᠧᠨᠵᠧᠨ ᠳᠤ ᠦᠯᠡᠮᠵᠢ ᠣᠯᠠᠨ ᠴᠡᠴᠡᠷᠯᠢᠭ ᠪᠠ ᠨᠤᠭᠤᠭᠠᠷᠠᠭᠤᠯᠤᠯᠳᠠ ᠶᠢᠨ | ᠭᠠᠵᠠᠷ ᠲᠠᠢ ᠪᠠᠶᠢᠳᠠᠭ᠂ 2024 ᠣᠨ ᠤ ᠡᠴᠦᠰ ᠪᠣᠯᠲᠠᠯ᠎ᠠ᠂ ᠪᠥᠬᠦ ᠬᠤᠲᠠ ᠶᠢᠨ ᠴᠡᠴᠡᠷᠯᠢᠭ ᠤᠨ ᠲᠤᠭ᠎ᠠ 1320 | ᠪᠣᠯᠵᠤ᠂ ᠨᠤᠭᠤᠭᠠᠷᠠᠭᠤᠯᠤᠯᠳᠠ ᠠᠮᠢ ᠠᠬᠤᠢ ᠶᠢᠨ ᠣᠷᠣᠨ ᠪᠦᠰᠡ ᠨᠢ ᠡᠬᠡ ᠭᠠᠵᠠᠷ ᠤᠨ ᠲᠠᠯᠠᠪᠠᠶ ᠶᠢᠨ 50% ᠶᠢ | ᠡᠵᠡᠯᠡᠵᠦ᠂ ︽ᠴᠡᠴᠡᠷᠯᠢᠭ ᠮᠠᠶ᠋ᠢᠭ︾ ᠤᠨ ᠬᠤᠳᠠᠯᠳᠤᠭᠠᠨ ᠤ ᠲᠠᠯᠠᠪᠤᠷ ᠢ ᠪᠠᠶᠢᠭᠤᠯᠬᠤ ᠳᠤ ᠲᠥᠷᠥᠯᠬᠢ ᠶᠢᠨ | ᠪᠠᠶᠢᠭᠠᠯᠢ ᠶᠢᠨ ᠨᠥᠬᠦᠴᠡᠯ ᠢ ᠬᠠᠩᠭᠠᠭᠰᠠᠨ ᠪᠠᠶᠢᠨ᠎ᠠ᠃ ᠡᠶᠢᠮᠦ ᠠᠴᠠ᠂ ︽ᠴᠡᠴᠡᠷᠯᠢᠭ ᠮᠠᠶ᠋ᠢᠭ︾ ᠤᠨ | ᠬᠤᠳᠠᠯᠳᠤᠭᠠᠨ ᠤ ᠲᠠᠯᠠᠪᠤᠷ ᠢ ᠳᠡᠮᠵᠢᠨ ᠬᠥᠭᠵᠢᠭᠦᠯᠬᠦ ᠶᠢᠨ ᠲᠥᠯᠥᠭᠡ᠂ ᠱᠧᠨᠵᠧᠨ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠴᠡᠴᠡᠷᠯᠢᠭ ᠤᠨ ᠠᠮᠢ ᠠᠬᠤᠢ ᠶᠢᠨ ᠵᠢᠭᠤᠯᠴᠢᠯᠠᠯ᠂ ᠪᠠᠶᠢᠭᠠᠯᠢ ᠶᠢᠨ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠠᠮᠢ ᠠᠬᠤᠢ ᠶᠢᠨ ᠨᠥᠬᠦᠪᠦᠷᠢ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠠᠷᠠᠯᠵᠢᠶ᠎ᠠ ᠵᠡᠷᠭᠡ ᠬᠡᠯᠪᠡᠷᠢ ᠪᠠᠷ ᠳᠠᠮᠵᠢᠭᠤᠯᠤᠨ᠂ ᠴᠡᠴᠡᠷᠯᠢᠭ ᠤᠨ | ᠠᠮᠢ ᠠᠬᠤᠢ ᠶᠢᠨ ᠥᠷᠲᠡᠭ ᠢ ᠠᠵᠤ ᠠᠬᠤᠢ ᠶᠢᠨ ᠥᠷᠲᠡᠭ ᠪᠠ ᠬᠥᠮᠥᠨ ᠨᠡᠶᠢᠭᠡᠮ᠂ ᠠᠮᠢᠳᠤᠷᠠᠯ᠂ ᠭᠤᠸ᠎ᠠ | ᠰᠠᠶᠢᠬᠠᠨ ᠤ ᠤᠬᠠᠭᠠᠨ ᠵᠡᠷᠭᠡ ᠨᠡᠶᠢᠭᠡᠮ ᠤᠨ ᠦᠷ᠎ᠡ ᠠᠰᠢᠭ ᠪᠣᠯᠭᠠᠨ ᠬᠤᠪᠢᠷᠠᠭᠤᠯᠬᠤ ᠶᠢ ᠵᠣᠷᠢᠭᠵᠢᠭᠤᠯᠵᠠᠢ᠂ ᠡᠨᠡ | ᠨᠢ ᠬᠤᠳᠠᠯᠳᠤᠭ᠎ᠠ ᠬᠢᠭᠡᠳ ᠴᠡᠴᠡᠷᠯᠢᠭ ᠤᠨ ᠠᠭᠤᠰᠤᠯᠴᠠᠯ ᠳᠤ ᠰᠠᠶᠢᠨ ᠰᠠᠶᠢᠬᠠᠨ ᠲᠥᠷᠥ ᠶᠢᠨ ᠪᠣᠳᠣᠯᠭ᠎ᠠ ᠶᠢᠨ | ᠣᠷᠴᠢᠨ ᠨᠥᠬᠦᠴᠡᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠵᠥᠪᠯᠡᠯ ᠤᠨ ᠲᠤᠰᠬᠠᠢ ᠮᠡᠷᠭᠡᠵᠢᠯᠲᠡᠨ ᠤ ᠵᠥᠪᠯᠡᠯ ᠤᠨ ᠭᠡᠰᠢᠭᠦᠨ ᠸᠠᠩ ᠬᠦᠶ ᠮᠧᠶ᠄ | ᠢᠯᠠᠩᠭᠤᠶ᠎ᠠ ᠣᠲᠣ ᠶᠢᠨ ᠡᠶᠢᠮᠦᠷᠬᠦ ᠲᠠᠩ ᠭᠠᠭᠴᠠ ᠦᠵᠡᠭᠳᠡᠯ ᠠᠴᠠ ᠣᠯᠠᠨ ᠡᠰᠢᠴᠢᠯᠡᠭᠰᠡᠨ ᠦᠵᠡᠭᠳᠡᠯ ᠳᠠᠰᠢ | ᠬᠤᠪᠢᠷᠠᠵᠤ ᠪᠠᠶᠢᠭ᠎ᠠ ᠨᠢ ᠦᠨᠡᠨ ᠳᠡᠭᠡᠨ ᠨᠠᠩ ᠭᠦᠨᠴᠡ ᠠᠴᠠ ᠬᠤᠲᠠ ᠶᠢᠨ ᠬᠡᠷᠡᠭᠯᠡᠭᠡᠨ ᠤ ᠳᠠᠯᠳᠠ ᠬᠦᠴᠦᠨ ᠢ | ᠬᠥᠭᠵᠢᠭᠡᠭᠰᠡᠨ ᠶᠠᠪᠤᠳᠠᠯ ᠪᠣᠯᠣᠨ᠎ᠠ᠃ ᠡᠶᠢᠮᠦᠷᠬᠦᠦ ᠵᠠᠭᠪᠤᠷ ᠤᠨ ᠳᠣᠣᠷ᠎ᠠ ᠰᠠᠭᠤᠭᠠᠯᠢ ᠠᠷᠠᠳ ᠤᠨ ᠣᠶᠢᠷ᠎ᠠ | ᠬᠠᠪᠢ ᠳᠠᠭᠠᠨ ᠬᠡᠷᠡᠭᠯᠡᠭᠡ ᠬᠢᠬᠦ ᠪᠠ ᠣᠶᠢᠷ᠎ᠠ ᠬᠠᠪᠢ ᠳᠠᠭᠠᠨ ᠠᠵᠢᠯᠯᠠᠬᠤ᠂ ᠣᠶᠢᠷ᠎ᠠ ᠬᠠᠪᠢ ᠳᠠᠭᠠᠨ ᠰᠡᠯᠡᠭᠦᠴᠡᠬᠦ ᠶᠢ | ᠨᠡᠩ ᠭᠦᠨᠵᠡᠭᠡᠢ ᠠᠭᠤᠰᠬᠠᠨ ᠨᠡᠶᠢᠯᠡᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠳᠠᠯᠳᠠ ᠬᠦᠴᠦᠨ ᠢ | ᠬᠥᠭᠵᠢᠭᠡᠵᠦ᠂ ᠰᠠᠶᠢᠨ ᠣᠷᠴᠢᠯ ᠢ ᠪᠤᠶ ᠪᠣᠯᠭᠠᠵᠤ ᠴᠢᠳᠠᠬᠤ ᠶᠤᠮ ᠭᠡᠵᠡᠢ᠃ | ᠴᠡᠴᠡᠷᠯᠢᠭ + ᠰᠣᠶᠣᠯ ᠤᠨ ᠡᠭᠦᠳᠦᠯᠲᠡ ᠨᠢ ᠲᠡᠦᠬᠡ ᠶᠢᠨ ᠨᠠᠷᠠᠲᠤ ᠴᠡᠴᠡᠷᠯᠢᠭ ᠤᠨ ᠰᠢᠨ᠎ᠡ ᠠᠮᠢᠵᠢᠷᠠᠯ ᠤᠨ | ᠬᠦᠴᠦᠨ ᠢ ᠬᠥᠭᠵᠢᠭᠡᠪᠡ | ᠳᠡᠷᠭᠡᠳᠡᠬᠢ ᠴᠡᠴᠡᠷᠯᠢᠭ ᠡᠳᠦᠷ ᠢᠷᠡᠬᠦᠶ᠎ᠡ ᠣᠯᠠᠰᠢᠷᠠᠬᠤ ᠶᠢ ᠳᠠᠭᠠᠯᠳᠤᠨ᠂ ᠤᠯᠠᠮ ᠠᠴᠠ ᠤᠯᠠᠮ ᠤᠯᠠᠨ ︽ | ᠴᠡᠴᠡᠷᠯᠢᠭ +︾ ᠰᠢᠨ᠎ᠡ ᠶᠢ ᠡᠭᠦᠳᠬᠦ ᠦᠢᠯᠡᠳᠦᠯᠭᠡ ᠴᠣᠯᠭᠤᠷᠠᠨ ᠭᠠᠷᠴᠤ ᠪᠤᠢ᠃ ᠪᠡᠭᠡᠵᠢᠩ ᠳᠤ᠂ ᠴᠡᠴᠡᠷᠯᠢᠭ ᠤᠨ | ᠡᠯ᠎ᠡ ᠵᠦᠢᠯ ᠤᠨ ᠰᠢᠨ᠎ᠡ ᠰᠣᠷᠭᠤᠭ ᠲᠥᠷᠥᠯ ᠵᠦᠢᠯ ᠢᠶᠠᠷ ᠳᠠᠮᠵᠢᠭᠤᠯᠤᠨ᠂ ᠵᠤᠭᠠᠴᠠᠭᠰᠠᠳ ᠤᠨ ᠴᠡᠴᠡᠷᠯᠢᠭ ᠢᠶᠠᠷ | ᠵᠤᠭᠠᠴᠠᠬᠤ ᠤᠶᠢᠯᠠᠭᠠᠯᠳᠠ ᠶᠢ ᠪᠠᠶᠠᠯᠢᠭᠵᠢᠭᠤᠯᠵᠠᠢ᠃ | ᠲᠦᠷᠦᠭᠦᠬᠡᠨ᠂ ᠪᠡᠭᠡᠵᠢᠩ ᠤᠨ ᠲᠢᠶᠠᠨ ᠲᠠᠨ ᠴᠡᠴᠡᠷᠯᠢᠭ ᠲᠤ ᠰᠢᠨ᠎ᠡ ᠨᠢᠭᠡ ᠪᠦᠯᠦᠭ ᠰᠣᠶᠣᠯ ᠤᠨ | ᠡᠭᠦᠳᠦᠯᠲᠡ ᠶᠢᠨ AI ᠠᠦ᠋ᠲ᠋ᠣ᠋ ᠬᠡᠷᠡᠯ ᠵᠢᠷᠤᠭ ᠤᠨ ᠮᠠᠰᠢᠨ ᠢ ᠰᠦᠯᠵᠢᠶᠡᠨ ᠳᠤ ᠣᠷᠣᠭᠤᠯᠵᠤ᠂ ᠮᠠᠰᠢ ᠣᠯᠠᠨ | ᠵᠤᠭᠠᠴᠠᠭᠰᠠᠳ ᠤᠨ ᠠᠩᠬᠠᠷᠤᠯ ᠢ ᠲᠠᠲᠠᠵᠠᠢ᠂ ᠲᠠᠳᠠ ᠵᠥᠪᠬᠡᠨ ᠯᠧᠨ᠋ᠰ ᠤᠨ ᠡᠮᠦᠨ᠎ᠡ ᠵᠣᠭᠰᠣᠵᠤ᠂ ᠣᠶᠤᠨᠴᠢ | ᠨᠡᠶᠢᠯᠡᠮᠡᠯ ᠮᠡᠷᠭᠡᠵᠢᠯ ᠢᠶᠠᠷ ᠡᠯ᠎ᠡ ᠵᠦᠢᠯ ᠤᠨ ᠡᠷᠲᠡᠨ ᠤ ᠬᠤᠪᠴᠠᠰᠤᠨ ᠤ ᠳᠦᠷᠰᠦ ᠪᠦᠲᠦᠭᠡᠯᠲᠡ ᠶᠢ ᠠᠮᠠᠷᠬᠠᠨ | ᠰᠣᠯᠢᠵᠤ᠂ ᠲᠢᠶᠠᠨ ᠲᠠᠨ ᠴᠡᠴᠡᠷᠯᠢᠭ ᠤᠨ ᠡᠯ᠎ᠡ ᠵᠦᠢᠯ ᠤᠨ ᠡᠷᠲᠡᠨ ᠤ ᠪᠠᠷᠢᠯᠭ᠎ᠠ ᠶᠢᠨ ᠲᠠᠯᠠᠪᠤᠷ ᠤᠨ ᠭᠤᠶᠢᠳᠠ | ᠰᠠᠶᠢᠬᠠᠨ ᠬᠡᠷᠡᠯ ᠵᠢᠷᠤᠭ ᠢ ᠪᠦᠲᠦᠭᠡᠵᠦ ᠪᠣᠯᠣᠨ᠎ᠠ᠃ | ᠡᠭᠦᠨ ᠤ ᠵᠡᠷᠭᠡ ᠳᠤ᠂ ᠲᠢᠶᠠᠨ ᠲᠠᠨ ᠴᠡᠴᠡᠷᠯᠢᠭ ᠪᠠᠰᠠ ᠲᠢᠶᠠᠨ ᠲᠠᠨ ᠰᠣᠶᠣᠯ ᠤᠨ ᠡᠯᠧᠮᠧᠨ᠋ᠲ ᠢ | ᠠᠭᠤᠰᠬᠠᠭᠰᠠᠨ ᠣᠯᠠᠨ ᠵᠦᠢᠯ ᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠲᠥᠪᠯᠡᠷᠡᠭᠦᠯᠦᠨ ᠭᠠᠷᠭᠠᠵᠤ᠂ | ᠡᠷᠲᠡᠨ ᠤ ᠪᠠᠷᠢᠯᠭ᠎ᠠ ᠶᠢᠨ ᠬᠡ ᠤᠭᠠᠯᠵᠠ ᠠᠴᠠ ᠥᠯᠵᠡᠢ ᠪᠡᠯᠭᠡ ᠲᠠᠢ ᠴᠢᠮᠡᠭᠯᠡᠯ ᠤᠨ ᠡᠳ᠋᠂ ᠣᠨᠴᠠᠯᠢᠭᠲᠤ ᠪᠢᠴᠢᠭ ᠤᠨ | ᠬᠡᠷᠡᠭᠰᠡᠯ ᠵᠡᠷᠭᠡ ᠨᠢ ᠵᠢᠭᠤᠯᠴᠢᠯᠠᠭᠴᠢᠳ ᠤᠨ ᠪᠤᠯᠢᠶᠠᠯᠳᠤᠨ ᠬᠠᠳᠠᠭᠠᠯᠠᠬᠤ ︽ᠠᠪᠴᠤ ᠶᠠᠪᠤᠵᠤ ᠪᠣᠯᠬᠤ ᠲᠢᠶᠠᠨ | ᠲᠠᠨ ᠤ ᠳᠤᠷᠠᠰᠤᠮᠵᠢ︾ ᠪᠣᠯᠤᠭᠰᠠᠨ ᠪᠠᠶᠢᠨ᠎ᠠ᠃ | ᠪᠸᠢᠢᠬᠠᠢ ᠴᠡᠴᠡᠷᠯᠢᠭ ᠲᠤ᠂ ᠬᠠᠭᠠᠨ ᠤ ᠤᠭᠰᠠᠭᠠᠨ ᠤ ᠴᠡᠴᠡᠷᠯᠢᠭ ᠪᠣᠯᠤᠭᠰᠠᠨ ᠤ ᠬᠤᠪᠢ ᠳᠤ᠂ ᠡᠯᠪᠡᠭ ᠪᠠᠶᠠᠯᠢᠭ | ᠲᠡᠦᠬᠡ ᠰᠣᠶᠣᠯ ᠪᠣᠯᠣᠨ ᠰᠣᠶᠣᠯ ᠢᠷᠭᠡᠨᠰᠢᠯ ᠤᠨ ᠡᠬᠢ ᠪᠠᠶᠠᠯᠢᠭ ᠢᠶᠠᠷ ᠢᠶᠠᠨ ᠲᠤᠰ ᠪᠡᠶ᠎ᠡ ᠶᠢᠨ ᠣᠨᠴᠠᠯᠢᠭ ᠲᠠᠢ ᠪᠠᠨ | ᠤᠶᠠᠯᠳᠤᠭᠤᠯᠵᠤ᠂ ᠴᠠᠭᠠᠨ ᠰᠤᠪᠤᠷᠭ᠎ᠠ᠂ ᠶᠢᠰᠦᠨ ᠯᠤᠤᠲᠤ ᠬᠠᠨ᠎ᠠ᠂ ᠪᠠᠳᠮ᠎ᠠ ᠴᠡᠴᠡᠭ ᠵᠡᠷᠭᠡ ᠪᠡᠯᠭᠡ ᠲᠡᠮᠳᠡᠭ ᠤᠨ | ᠴᠢᠨᠠᠷᠲᠠᠢ ᠪᠠᠷᠢᠯᠭ᠎ᠠ ᠪᠣᠯᠣᠨ ᠬᠤᠸᠠᠷ ᠴᠡᠴᠡᠭ ᠵᠡᠷᠭᠡ ᠬᠥᠷᠥᠭᠡᠭᠦᠷ ᠤᠨ ᠨᠠᠭᠠᠯᠲᠠ ᠶᠢ ᠭᠠᠷᠭᠠᠵᠤ᠂ ᠤᠷᠠᠨ ᠳᠠᠷᠬᠠᠨ ᠤ | ᠥᠪᠡᠷᠮᠢᠴᠡ ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢᠶᠠᠷ ᠭᠦᠨ ᠵᠤᠵᠠᠭᠠᠨ ᠰᠣᠶᠣᠯ ᠤᠨ | ᠠᠭᠤᠯᠬᠤᠨ ᠲᠠᠢ ᠪᠣᠯᠭᠠᠵᠠᠢ᠃ | ᠲᠠᠨᠢᠯᠴᠠᠭᠤᠯᠤᠭᠰᠠᠨ ᠢᠶᠠᠷ᠂ ᠣᠶᠢᠷ᠎ᠠ ᠶᠢᠨ ᠬᠡᠳᠦᠨ ᠵᠢᠯ ᠳᠤ ᠪᠡᠭᠡᠵᠢᠩ ᠬᠤᠲᠠ ᠶᠢᠨ ᠬᠠᠷᠢᠶᠠᠲᠤ | ᠴᠡᠴᠡᠷᠯᠢᠭ ᠤᠨ ︽ᠴᠡᠴᠡᠷᠯᠢᠭ ᠤᠨ ᠪᠡᠯᠡᠭ︾ ᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠨᠢᠭᠡᠨᠲᠡ | 5000 ᠭᠠᠷᠤᠢ ᠵᠦᠢᠯ ᠪᠠᠶᠢᠵᠤ᠂ 10 ᠭᠠᠷᠤᠢ ᠲᠥᠷᠥᠯ ᠵᠦᠢᠯ ᠢ ᠬᠠᠮᠤᠷᠴᠠᠢ᠃ | ᠸᠠᠩ ᠬᠦᠶ ᠮᠧᠶ ᠢᠯᠡᠷᠬᠡᠶᠢᠯᠡᠬᠦ ᠳᠡᠭᠡᠨ᠂ ᠣᠲᠣ ᠶᠢᠨ ᠡᠶᠢᠮᠦᠷᠬᠦ ᠰᠣᠶᠣᠯ ᠤᠨ ᠡᠭᠦᠳᠦᠯᠲᠡ + | ᠴᠡᠴᠡᠷᠯᠢᠭ ᠤᠨ ᠠᠵᠤ ᠠᠬᠤᠢ ᠨᠢ ᠰᠢᠬᠢᠳᠭᠡᠯ ᠮᠠᠶ᠋ᠢᠭ ᠤᠨ᠂ ᠰᠡᠷᠡᠭᠳᠡᠬᠦ ᠬᠡᠯᠪᠡᠷᠢ ᠶᠢᠨ ᠬᠡᠷᠡᠭᠯᠡᠭᠡ ᠪᠠᠷ ᠳᠡᠮᠵᠢᠨ᠂ | ᠰᠣᠶᠣᠯ ᠢ ᠭᠦᠨᠵᠡᠭᠡᠢ ᠤᠯᠠᠮᠵᠢᠯᠠᠵᠤ ᠴᠢᠳᠠᠬᠤ ᠮᠥᠷᠲᠡᠭᠡᠨ ᠰᠠᠭᠤᠭᠠᠯᠢ ᠠᠷᠠᠳ ᠢ ᠴᠡᠴᠡᠷᠯᠢᠭ ᠲᠤ ᠵᠤᠭᠠᠴᠠᠬᠤ᠂ | ᠴᠡᠴᠡᠷᠯᠢᠭ ᠤᠨ ᠬᠡᠷᠡᠭᠯᠡᠭᠡ ᠳᠤ ᠣᠷᠣᠯᠴᠠᠭᠤᠯᠬᠤ ᠶᠢᠨ ᠵᠡᠷᠭᠡ ᠳᠤ ᠰᠢᠨ᠎ᠡ ᠣᠶᠢᠯᠠᠭᠠᠯᠲᠠ ᠪᠠ ᠰᠢᠨ᠎ᠡ ᠲᠥᠷᠥᠭᠳᠡᠯ ᠲᠠᠢ | ᠪᠣᠯᠭᠠᠵᠤ᠂ ᠴᠡᠴᠡᠷᠯᠢᠭ ᠲᠤ ᠨᠠᠩ ᠰᠢᠨ᠎ᠡ ᠠᠵᠤ ᠠᠬᠤᠢ ᠶᠢᠨ ᠨᠡᠮᠡᠭᠳᠡᠯ ᠪᠠ ᠣᠷᠣᠯᠭ᠎ᠠ ᠶᠢ ᠬᠠᠩᠭᠠᠵᠤ ᠴᠢᠳᠠᠨ᠎ᠠ | ᠭᠡᠵᠡᠢ᠃ | ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ |