︽ᠤᠶᠤᠨᠳᠦ︾ ᠬᠤᠳᠠ ᠨᠢ ᠠᠮᠢᠳᠤᠷᠠᠯ ᠢ ᠨᠡᠩ ᠰᠠᠶᠢᠨ ᠰᠠᠶᠢᠬᠠᠨ ᠪᠤᠯᠭᠠᠨ᠎ᠠ
ᠨᠡᠶᠢᠲᠡᠯᠡᠭᠰᠡᠨ ᠴᠠᠭ᠄
2025/7/2
      ᠬᠤᠳᠠ ᠪᠣᠯ ᠣᠳᠣᠬᠢᠴᠢᠯᠠᠯᠲᠠ ᠶᠢᠨ ᠴᠢᠬᠤᠯᠠ ᠠᠴᠢᠶᠠᠯᠠᠪᠤᠷᠢ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ᠂ ᠬᠤᠲᠠ ᠶᠢ ᠨᠠᠩ ᠰᠡᠴᠡᠨ ᠰᠡᠷᠭᠦᠯᠡᠩ᠂ ᠨᠠᠩ ᠤᠶᠤᠨᠴᠢ ᠪᠣᠯᠭᠠᠬᠤ ᠪᠣᠯ ᠬᠤᠲᠠ ᠶᠢᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠵᠠᠶᠢᠯᠠᠰᠢ ᠦᠭᠡᠢ ᠶᠠᠪᠤᠬᠤ ᠵᠠᠮ ᠮᠥᠨ ᠭᠡᠵᠦ ᠴᠢᠬᠤᠯᠠᠴᠢᠯᠠᠪᠠ᠃ ᠡᠨᠡ ᠵᠢᠯ ᠠᠴᠠ ᠨᠠᠰᠢ᠂ ᠡᠯ᠎ᠡ ᠭᠠᠵᠠᠷ ᠤᠨ ᠬᠢᠨ ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠳᠡ ᠦᠭᠡᠢ ᠲᠦᠷᠭᠡᠳᠬᠡᠨ ᠠᠬᠢᠭᠤᠯᠵᠤ᠂ ᠥᠨᠳᠥᠷ ᠦᠷ᠎ᠡ ᠪᠦᠲᠦᠮᠵᠢᠲᠡᠢ ᠵᠠᠰᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠴᠢᠨᠠᠷ ᠰᠠᠶᠢᠲᠠᠢ ᠠᠮᠢᠳᠤᠷᠠᠯ ᠢ ᠴᠣᠭᠴᠠᠯᠠᠵᠤ᠂ ᠠᠯᠢ ᠤᠯᠠᠨ ︽ᠰᠡᠳᠬᠢᠵᠦ ᠴᠢᠳᠠᠳᠠᠭ︾ ᠣᠶᠤᠨᠲᠤ ᠬᠤᠳᠠ ᠨᠤᠭᠤᠳ ᠠᠷᠠᠳ ᠤᠯᠠᠨ ᠤ ᠠᠮᠢᠳᠤᠷᠠᠯ ᠢ ᠨᠡᠩ ᠠᠮᠤᠷ ᠲᠦᠪᠰᠢᠨ᠂ ᠨᠡᠩ ᠰᠠᠶᠢᠨ ᠰᠠᠶᠢᠬᠠᠨ ᠪᠤᠯᠭᠠᠵᠠᠢ᠃      ᠥᠨᠥᠳᠥᠷ ᠤᠨ ᠳᠤᠮᠳᠠᠳᠤ ᠤᠯᠤᠰ ᠲᠤ᠂ ᠲᠤᠭᠠᠴᠢᠯᠠᠯᠳᠠ ᠨᠢ ᠬᠤᠲᠠ ᠶᠢᠨ ᠵᠠᠰᠠᠯᠲᠠ ᠳᠤ ᠲᠠᠰᠤᠷᠠᠯᠲᠠ ᠦᠭᠡᠢ ᠡᠨᠧᠷᠬᠢ ᠣᠯᠭᠤᠵᠤ᠂ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠠᠭ ᠭᠦᠨᠵᠡᠭᠡᠶᠢᠷᠡᠨ ᠬᠥᠭᠵᠢᠬᠦ ᠰᠢᠨ᠎ᠡ ᠱᠠᠲᠤᠨ ᠳᠤ ᠤᠷᠤᠭᠰᠠᠨ ᠪᠠᠶᠢᠨ᠎ᠠ᠃        ︽ᠰᠡᠳᠬᠢᠵᠦ ᠴᠢᠳᠠᠳᠠᠭ︾ ᠣᠶᠤᠨᠲᠤ ᠬᠤᠲᠠ ᠨᠤᠭᠤᠳ ᠨᠢ ᠠᠷᠠᠳ ᠢᠷᠭᠡᠳ ᠤᠨ ᠠᠮᠢᠳᠤᠷᠠᠯ ᠢ ᠨᠠᠩ ᠠᠮᠤᠷ ᠲᠦᠪᠰᠢᠨ᠂ ᠨᠠᠩ ᠰᠠᠶᠢᠨ ᠰᠠᠶᠢᠬᠠᠨ ᠪᠣᠯᠭᠠᠵᠤ ᠴᠢᠳᠠᠨ᠎ᠠ᠃ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠳᠠᠨ᠂ ᠣᠶᠤᠨᠴᠢ ᠬᠤᠳᠠ ᠶᠢ ᠪᠠᠶᠢᠭᠤᠯᠬᠤ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠬᠤᠳᠠ ᠶᠢᠨ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠢ ᠡᠵᠡᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠬᠤᠳᠠ ᠶᠢᠨ ᠠᠵᠢᠯ ᠳᠤ ᠬᠢᠭᠰᠡᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠡᠯ᠎ᠡ ᠭᠠᠵᠠᠷ ᠲᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ᠂ ᠬᠤᠳᠠ ᠶᠢᠨ ᠲᠣᠭᠠᠴᠢᠯᠠᠭᠰᠠᠨ ᠬᠡᠯᠪᠡᠷᠢ ᠬᠤᠪᠢᠷᠠᠭᠤᠯᠬᠤ ᠶᠢ ᠲᠦᠷᠭᠡᠳᠬᠡᠬᠦ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠥᠭᠴᠡᠢ ᠃ ᠲᠢᠶᠠᠨᠵᠢᠨ ᠳᠤ᠂ ᠬᠤᠲᠠ ᠶᠢᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠪᠣᠯ ᠣᠳᠣᠬᠢᠴᠢᠯᠠᠭᠰᠠᠨ ᠶᠡᠭᠡ ᠬᠤᠲᠠ ᠶᠢ ᠪᠦᠲᠦᠭᠡᠨ ᠪᠠᠶᠢᠭᠤᠯᠬᠤ ᠶᠢᠨ ᠴᠢᠬᠤᠯᠠ ᠶᠡᠭᠡ ᠡᠭᠦᠷᠭᠡ ᠮᠥᠨ ᠭᠡᠵᠦ ᠵᠢᠭᠠᠵᠤ ᠭᠠᠷᠭᠠᠪᠠ᠃ ᠴᠦᠩᠴᠢᠩ ᠳᠤ᠂ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠬᠤᠲᠠ ᠶᠢᠨ ᠠᠵᠢᠯᠯᠠᠭᠠᠨ ᠪᠠ ᠵᠠᠰᠠᠯᠲᠠ ᠶᠢᠨ ᠣᠶᠤᠨᠲᠤ ᠲᠥᠪ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠯᠢᠶᠣᠤᠨᠢᠩ ᠳᠤ ᠬᠤᠳᠠ ᠶᠢᠨ ᠰᠢᠨᠡᠴᠢᠯᠡᠯᠳᠡ ᠳᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠠᠯᠢᠪᠠ ᠪᠦᠬᠦᠨ ᠳᠤ ᠠᠷᠠᠳ ᠲᠤ ᠲᠦᠬᠦᠮ ᠦᠵᠡᠭᠦᠯᠬᠦ᠂ ᠠᠷᠠᠳ ᠲᠤ ᠠᠰᠢᠭᠲᠠᠢ ᠪᠠᠶᠢᠯᠭᠠᠬᠤ᠂ ᠠᠷᠠᠳ ᠢ ᠠᠮᠤᠷᠵᠢᠭᠤᠯᠬᠤ ᠶᠢ ᠪᠣᠳᠣᠯᠬᠢᠯᠠᠵᠤ᠂ ᠢᠯᠠᠩᠭᠤᠶ᠎ᠠ ︽ᠨᠢᠭᠡ ᠨᠠᠰᠤᠲᠠᠨ ᠨᠢᠭᠡ ᠨᠢᠯᠬᠠᠰ︾ ᠢ ᠨᠡᠩ ᠰᠠᠶᠢᠲᠤᠷ ᠬᠠᠯᠠᠮᠵᠢᠯᠠᠨ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠵᠠᠢ᠃          ᠡᠨᠡ ᠵᠢᠯ ᠠᠴᠠ ᠨᠠᠰᠢ᠂ ᠤᠶᠤᠨᠳᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠶᠢᠨ ᠲᠥᠯᠥᠭᠡ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠠᠶᠢᠳᠠᠪᠤᠷᠢᠵᠢᠭᠤᠯᠵᠤ ᠪᠠᠶᠢᠨ᠎ᠠ᠃ ᠲᠦᠷᠦᠭᠦᠬᠡᠨ᠂ ᠬᠤᠲᠠ ᠶᠢᠨ ᠰᠢᠨᠡᠴᠢᠯᠡᠯᠲᠡ ᠶᠢᠨ ᠦᠵᠦ ᠲᠥᠯᠥᠪᠯᠡᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠬᠤᠲᠠ ᠶᠢᠨ ᠰᠢᠨᠡᠴᠢᠯᠡᠯᠲᠡ ᠶᠢᠨ ᠨᠠᠢᠮᠠᠨ ᠵᠦᠢᠯ ᠤᠨ ᠭᠤᠣᠯ ᠡᠭᠦᠷᠭᠡ ᠶᠢ ᠲᠣᠳᠣᠷᠬᠠᠶᠢᠯᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠲᠠᠨ᠂ ᠤᠶᠤᠨᠴᠢ ᠬᠤᠲᠠ ᠶᠢ ᠪᠦᠲᠦᠭᠡᠨ ᠪᠠᠶᠢᠭᠤᠯᠬᠤ ᠳᠤ ᠪᠣᠳᠠᠲᠠᠢ ᠵᠢᠯᠣᠭᠤᠳᠤᠯᠭ᠎ᠠ ᠬᠠᠩᠭᠠᠭᠰᠠᠨ ᠪᠠᠶᠢᠨ᠎ᠠ᠃ ᠡᠭᠦᠨ ᠤ ᠵᠡᠷᠭᠡ ᠳᠤ᠂ ︽ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ 2025 ᠣᠨ ᠤ ᠠᠵᠢᠯᠯᠠᠭᠠᠨ ᠤ ᠲᠥᠰᠥᠯ︾ ᠢ ᠨᠡᠶᠢᠲᠡᠯᠡᠵᠦ᠂ ︽ᠵᠣᠬᠢᠶᠠᠮᠠᠯ ᠣᠶᠤᠨ +︾᠂ ᠰᠠᠭᠤᠷᠢ ᠲᠥᠬᠦᠭᠡᠷᠦᠮᠵᠢ ᠶᠢ ᠲᠡᠭᠡᠭᠰᠢᠯᠡᠭᠦᠯᠬᠦ ᠵᠡᠷᠭᠡ ᠣᠯᠠᠨ ᠲᠠᠯ᠎ᠠ ᠶᠢᠨ ᠴᠢᠬᠤᠯᠠ ᠶᠡᠭᠡ ᠠᠵᠢᠯᠯᠠᠭ᠎ᠠ ᠶᠢ ᠪᠠᠶᠢᠷᠢᠯᠠᠭᠤᠯᠪᠠ᠃ ᠡᠭᠦᠨ ᠠᠴᠠ ᠭᠠᠳᠠᠨ᠎ᠠ᠂ ᠡᠨᠡ ᠵᠢᠯ᠂ ᠲᠥᠪ ᠤᠨ ᠡᠳ᠋ ᠤᠨ ᠵᠠᠰᠠᠭ ᠠᠴᠠ ᠬᠤᠳᠠ ᠶᠢᠨ ᠰᠢᠨᠡᠴᠢᠯᠡᠯᠳᠡ ᠶᠢᠨ ᠠᠵᠢᠯᠯᠠᠭ᠎ᠠ ᠶᠢ ᠬᠡᠷᠡᠭᠵᠢᠭᠦᠯᠵᠦ ᠪᠠᠶᠢᠭ᠎ᠠ ᠬᠤᠳᠠ ᠳᠤ ᠦᠷᠭᠦᠯᠵᠢᠯᠡᠨ ᠲᠣᠭᠲᠠᠭᠰᠠᠨ ᠲᠣᠭᠠᠨ ᠤ ᠨᠥᠬᠦᠪᠦᠷᠢ ᠥᠭᠭᠦᠨ᠎ᠡ᠃        ᠠᠯᠢ ᠣᠯᠠᠨ ᠲᠥᠷᠥ ᠶᠢᠨ ᠪᠣᠳᠣᠯᠭ᠎ᠠ ᠶᠢᠨ ᠠᠬᠢᠭᠤᠯᠤᠯ ᠳᠣᠣᠷ᠎ᠠ᠂ ᠣᠲᠣ ᠪᠣᠯᠬᠤ ᠳᠤ᠂ ︽ᠤᠶᠤᠨᠳᠤ︾ ᠬᠤᠲᠠ ᠶᠢᠨ ᠲᠤᠭ᠎ᠠ ᠤᠯᠠᠮ ᠠᠴᠠ ᠤᠯᠠᠮ ᠣᠯᠠᠰᠢᠷᠠᠵᠤ᠂ ᠬᠤᠲᠠ ᠶᠢᠨ ᠪᠥᠭᠡᠮᠨᠡᠷᠡᠯ ᠪᠠ ᠰᠢᠶᠠᠨ ᠤ ᠬᠡᠪᠴᠢᠶᠡᠨ ᠤ ᠬᠤᠶᠠᠷ ᠱᠠᠳᠤ ᠳᠠᠰᠢ ᠪᠥᠬᠦ ᠲᠠᠯ᠎ᠠ ᠪᠠᠷ ᠥᠷᠭᠡᠵᠢᠵᠦ ᠪᠠᠶᠢᠨ᠎ᠠ᠃        ᠣᠳᠣᠬᠠᠨ ᠳᠤ᠂ ︽ᠤᠶᠤᠨᠳᠤ︾ ᠬᠤᠲᠠ ᠨᠢ ᠰᠡᠷᠡᠵᠦ ᠮᠡᠳᠡᠵᠦ ᠳᠡᠶᠢᠯᠬᠦ ᠮᠥᠷᠲᠡᠭᠡᠨ ᠨᠠᠩ ᠴᠤ ᠲᠤᠯᠠᠭᠠᠴᠠ  ᠲᠠᠢ ᠪᠤᠯᠵᠠᠢ᠃ ᠣᠳᠣᠬᠠᠨ ᠳᠤ᠂ ᠮᠠᠨ ᠤ ᠤᠯᠤᠰ ᠮᠢᠩᠭᠠᠨ ᠮᠧᠭ᠎ᠠ ᠬᠤᠲᠠ ᠶᠢ 207 ᠪᠠᠶᠢᠭᠤᠯᠵᠤ᠂ ᠬᠠᠭᠠᠰ ᠠᠴᠠ ᠳᠡᠭᠡᠭᠰᠢᠬᠢ ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠳᠤ ᠬᠤᠲᠠ ᠶᠢᠨ ᠰᠠᠭᠤᠷᠢ ᠲᠥᠬᠦᠭᠡᠷᠦᠮᠵᠢ ᠶᠢᠨ ᠠᠮᠢ ᠨᠠᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠪᠠᠷᠠᠭᠠᠨ ᠤ ᠮᠡᠳᠡᠭᠡ ᠵᠠᠩᠬᠢ ᠶᠢᠨ ᠣᠶᠤᠨᠴᠢ ᠰᠡᠷᠡᠯ ᠤᠨ ᠲᠥᠬᠦᠭᠡᠷᠦᠮᠵᠢ ᠶᠢ ᠢᠵᠢ ᠪᠦᠷᠢᠳᠦᠭᠦᠯᠦᠨ ᠤᠭᠰᠠᠷᠠᠭᠰᠠᠨ ᠪᠠᠶᠢᠨ᠎ᠠ᠃ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠡᠭᠡᠷ᠎ᠡ᠂ ᠣᠲᠣ ᠬᠤᠪᠢ ᠬᠥᠮᠥᠨ ᠲᠦᠷᠦᠭᠦ᠂ ᠰᠤᠷᠭᠠᠭᠤᠯᠢ ᠳᠤ ᠣᠷᠣᠬᠤ ᠠᠴᠠ ᠠᠪᠤᠭᠠᠳ ᠠᠵᠢᠯ ᠠᠴᠠ ᠪᠠᠨ ᠪᠠᠭᠤᠵᠤ ᠠᠮᠠᠷᠠᠬᠤ ᠬᠦᠷᠲᠡᠯ᠎ᠡ᠂ ᠬᠠᠤᠯᠢ ᠶᠢᠨ ᠡᠷᠬᠡᠳᠡᠨ ᠤ ᠠᠵᠢᠯ ᠶᠠᠪᠤᠳᠠᠯ ᠭᠦᠢᠴᠡᠳᠬᠡᠬᠦ᠂ ᠠᠵᠤ ᠠᠬᠤᠶᠢᠯᠠᠯ ᠡᠷᠭᠢᠯᠡᠬᠦ᠂ ᠡᠵᠡᠩᠨᠡᠯᠲᠡ ᠶᠢ ᠵᠥᠪᠰᠢᠶᠡᠷᠡᠬᠦ ᠠᠴᠠ ᠠᠪᠤᠭᠠᠳ ᠭᠠᠶᠢᠯᠢ ᠲᠤᠰᠢᠶᠠᠬᠤ᠂ ᠬᠦᠴᠦᠨ ᠦᠭᠡᠢ ᠪᠣᠯᠭᠠᠬᠤ ᠬᠦᠷᠲᠡᠯ᠎ᠡ ᠴᠥᠮ ︽ᠨᠢᠭᠡ ᠶᠠᠪᠤᠳᠠᠯ ᠢ ᠲᠥᠪᠯᠡᠷᠡᠭᠦᠯᠦᠨ ᠭᠦᠢᠴᠡᠳᠬᠡᠬᠦ︾ ᠶᠢ ᠪᠡᠶᠡᠯᠡᠭᠦᠯᠵᠦ ᠪᠠᠶᠢᠨ᠎ᠠ᠃        ᠣᠳᠣᠬᠠᠨ ᠳᠤ᠂ ︽ᠤᠶᠤᠨᠳᠤ︾ ᠬᠤᠲᠠ ᠨᠢ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠪᠡᠯᠡ ᠣᠷᠣᠭᠤᠯᠤᠯᠲᠠ ᠪᠠ ᠬᠡᠷᠡᠭᠯᠡᠭᠡ ᠶᠢ ᠳᠠᠶᠢᠴᠢᠯᠠᠬᠤ ᠴᠢᠬᠤᠯᠠ ᠬᠥᠳᠡᠯᠭᠡᠭᠦᠷ ᠪᠣᠯᠵᠤ ᠪᠠᠶᠢᠨ᠎ᠠ᠃ ᠨᠢᠳᠤᠨᠤᠨ 4250 ᠳ᠋ᠦᠩᠰᠢᠭᠤᠷ ᠭᠠᠷᠤᠢ ᠲᠥᠭᠦᠷᠢᠭ ᠤᠨ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠬᠡᠳᠦ ᠤᠷᠲᠤ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ᠂ ᠤᠯᠤᠰ ᠤᠨ ᠵᠢᠭᠡᠯᠡᠯᠭᠡ ᠨᠡᠮᠡᠵᠦ ᠲᠠᠷᠬᠠᠭᠠᠬᠤ ᠵᠡᠷᠭᠡ ᠪᠡᠯᠡ ᠮᠥᠩᠭᠦ ᠶᠢ ᠣᠷᠣᠨ ᠨᠤᠲᠤᠭ ᠤᠨ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠬᠤᠭᠤᠯᠠᠢ ᠲᠤᠤᠷ ᠢ ᠰᠢᠨᠡᠴᠢᠯᠡᠨ ᠥᠭᠡᠷᠡᠴᠢᠯᠡᠬᠦ᠂ ᠬᠤᠲᠠ ᠶᠢᠨ ᠤᠰᠤ ᠭᠠᠳᠠᠭᠰᠢᠯᠠᠭᠤᠯᠬᠤ ᠤᠰᠤᠲᠤᠯ ᠢ ᠰᠡᠷᠭᠡᠶᠢᠯᠡᠬᠦ ᠢᠨᠵᠧᠨᠧᠷᠢᠩ ᠢ ᠳᠡᠭᠡᠭᠰᠢᠯᠡᠭᠦᠯᠬᠦ ᠵᠡᠷᠭᠡ ᠲᠦᠷᠦᠯ ᠵᠦᠢᠯ ᠥᠷᠨᠢᠭᠦᠯᠬᠦ ᠶᠢ ᠳᠡᠮᠵᠢᠬᠦ ᠳᠤ ᠬᠡᠷᠡᠭᠯᠡᠵᠡᠢ᠃ ᠡᠨᠡ ᠵᠢᠯ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠳᠤ ᠬᠤᠳᠠ ᠶᠢᠨ ᠰᠢᠨᠡᠴᠢᠯᠡᠯᠲᠡ ᠶᠢᠨ ᠲᠤᠰᠬᠠᠢ ᠵᠦᠢᠯᠡᠰ ᠢ ᠲᠤᠰᠬᠠᠶᠢᠯᠠᠨ ᠪᠠᠶᠢᠭᠤᠯᠵᠤ᠂ ᠬᠤᠳᠠ ᠶᠢᠨ ᠬᠤᠯᠪᠣᠭᠳᠠᠯ ᠪᠦᠬᠦᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠮᠵᠢᠨ᠎ᠡ᠃      ᠡᠯ᠎ᠡ ᠭᠠᠵᠠᠷ ᠤᠨ ᠬᠢᠨ ᠬᠤᠳᠠ ᠶᠢᠨ ︽ᠲᠥᠪ ᠲᠠᠷᠢᠬᠢ︾ ᠶᠢᠨ ᠪᠦᠲᠦᠭᠡᠨ ᠪᠠᠶᠢᠭᠤᠯᠤᠯᠲᠠ ᠶᠢ ᠴᠢᠬᠤᠯᠠᠴᠢᠯᠠᠬᠤ ᠶᠢᠨ ᠬᠠᠮᠲᠤ᠂ ᠰᠠᠭᠤᠭᠠᠯᠢ ᠠᠷᠠᠳ ᠤᠨ ᠲᠣᠭᠤᠷᠢᠭ ᠣᠨᠴᠠᠭᠠᠶᠢᠯᠠᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠵᠡᠷᠭᠡ ︽ᠰᠡᠵᠢᠭᠦᠷ ᠮᠡᠳᠡᠷᠡᠯ︾ ᠤᠨ ᠥᠭᠡᠷᠡᠴᠢᠯᠡᠯᠲᠡ ᠶᠢᠨ ᠠᠬᠢᠴᠠ ᠶᠢ ᠢᠳᠡᠪᠬᠢᠲᠡᠢ ᠠᠬᠢᠭᠤᠯᠵᠤ᠂ ᠤᠶᠤᠨᠴᠢ ᠨᠠᠰᠤᠵᠢᠯ ᠤᠨ ᠠᠰᠠᠷᠠᠮᠵᠢ᠂ ᠤᠶᠤᠨᠴᠢ ᠲᠡᠷᠭᠡᠨ ᠵᠤᠭᠰᠤᠭᠠᠯ ᠵᠡᠷᠭᠡ ᠣᠨᠴᠠᠯᠢᠭᠲᠤ ᠦᠵᠡᠭᠳᠡᠯ ᠢ ᠥᠭᠡᠷᠡᠴᠢᠯᠡᠯᠲᠡ ᠳᠤ ᠣᠷᠣᠭᠤᠯᠵᠤ᠂ ᠠᠷᠠᠳ ᠤᠨ ᠬᠤᠳᠠ ᠨᠢ ᠠᠷᠠᠳ ᠲᠦᠮᠡᠨ ᠳᠤ ᠨᠡᠩ ᠣᠨᠣᠪᠴᠢᠲᠠᠢ᠂ ᠤᠯᠠᠨ ᠶᠠᠩᠵᠤ ᠶᠢᠨ᠂ ᠴᠠᠭ ᠲᠠᠭᠠᠨ ᠲᠣᠬᠢᠷᠠᠭᠰᠠᠨ᠂ ᠵᠣᠯ ᠵᠢᠷᠭᠠᠯᠳᠦ ᠦᠢᠯᠡᠴᠢᠯᠡᠭᠡ ᠬᠠᠩᠭᠠᠬᠤ ᠪᠤᠯᠤᠨ᠎ᠠ᠃ ᠢᠷᠡᠯᠲᠡ᠄ ᠰᠣᠨᠢᠨ ᠮᠡᠳᠡᠭᠡᠨ ᠤ ᠨᠡᠪᠲᠡᠷᠡᠭᠦᠯᠭᠡ
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1