ᠲᠤᠭᠳᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠪᠥᠬᠦ ᠰᠢᠶᠠᠨ ᠤ ᠠᠵᠢᠯᠲᠠᠨ ᠠᠵᠢᠯᠴᠢᠨ ᠤ ᠳᠤᠮᠳᠠᠳᠤ ᠮᠠᠶ᠋ᠢᠭ ᠤᠨ ᠴᠢᠴᠢᠭᠦᠷ ᠪᠥᠮᠪᠦᠭᠡ ᠶᠢᠨ ᠤᠷᠤᠯᠳᠤᠭᠠᠨ ᠢ ᠠᠮᠵᠢᠯᠲᠠ ᠲᠠᠢ ᠡᠷᠭᠢᠯᠡᠪᠡ
ᠨᠡᠶᠢᠲᠡᠯᠡᠭᠰᠡᠨ ᠴᠠᠭ᠄
2025/7/3
      ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠠᠶᠠᠷᠯᠠᠨ ᠪᠡᠯᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠵᠤ᠂ ᠠᠵᠢᠯᠴᠢᠨ ᠠᠩᠭᠢ ᠶᠢᠨ ᠪᠦᠯᠬᠦᠮᠳᠡᠨ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠬᠦ ᠰᠢᠶᠠᠨ ᠤ ᠠᠵᠢᠯᠲᠠᠨ ᠠᠵᠢᠯᠴᠢᠨ ᠤ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠠᠵᠢᠯᠲᠠᠨ ᠠᠵᠢᠯᠴᠢᠨ ᠤ ᠬᠤᠭᠤᠷᠣᠨᠳᠣᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠴᠢᠩᠭᠠᠳᠬᠠᠬᠤ ᠶᠢᠨ ᠲᠦᠯᠦᠭᠡ᠂  ᠲᠤᠭᠳᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠪᠦᠬᠦ ᠰᠢᠶᠠᠨ ᠤ ᠠᠵᠢᠯᠲᠠᠨ ᠠᠵᠢᠯᠴᠢᠨ ᠤ ᠳᠤᠮᠳᠠᠳᠤ ᠮᠠᠶ᠋ᠢᠭ ᠤᠨ ᠴᠢᠴᠢᠭᠦᠷ ᠪᠥᠮᠪᠦᠭᠡ ᠶᠢᠨ ᠤᠷᠤᠯᠳᠤᠭᠠᠨ ᠢ ᠠᠮᠵᠢᠯᠲᠠ ᠲᠠᠢ ᠡᠷᠭᠢᠯᠡᠪᠡ︕  
     ᠲᠤᠰ ᠤᠳᠠᠭ᠎ᠠ ᠶᠢᠨ ᠤᠷᠤᠯᠳᠤᠭᠠᠨ ᠳᠤ ᠪᠦᠬᠦ ᠰᠢᠶᠠᠨ ᠤ ᠡᠯ᠎ᠡ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠢᠳᠡᠪᠬᠢᠲᠡᠢ ᠴᠤᠤᠷᠢᠶᠠᠲᠤᠯ ᠢ ᠣᠯᠵᠤ᠂ ᠨᠡᠶᠢᠳᠡ 95 ᠠᠵᠢᠯᠲᠠᠨ ᠤᠷᠤᠯᠳᠤᠭᠠᠨ ᠳᠤ ᠣᠷᠣᠯᠴᠠᠬᠤ ᠪᠠᠷ ᠨᠡᠷ᠎ᠡ ᠮᠡᠳᠡᠭᠦᠯᠵᠡᠢ᠃ ᠤᠷᠤᠯᠳᠤᠭᠠᠨ ᠢ ᠬᠤᠪᠢ ᠬᠥᠮᠥᠨ ᠤ ᠤᠷᠤᠯᠳᠤᠭᠠᠨ ᠪᠠ ᠰᠡᠵᠢᠯᠡᠭᠦᠷ ᠤᠨ ᠤᠷᠤᠯᠳᠤᠭᠠᠨ ᠭᠡᠵᠦ ᠬᠤᠶᠠᠷ ᠵᠦᠢᠯ ᠳᠤ ᠬᠤᠪᠢᠶᠠᠵᠤ᠂ ᠳᠤᠮᠳᠠᠳᠤ ᠤᠯᠤᠰ ᠤᠨ ᠴᠢᠴᠢᠭᠦᠷ ᠪᠥᠮᠪᠦᠭᠡ ᠶᠢᠨ ᠨᠡᠶᠢᠭᠡᠮᠯᠢᠭ ᠤᠨ ᠬᠠᠮᠤᠭ ᠰᠢᠨ᠎ᠡ ᠬᠢᠨᠠᠨ ᠲᠣᠭᠲᠠᠭᠠᠭᠰᠠᠨ ︽ᠳᠤᠮᠳᠠᠳᠤ ᠮᠠᠶ᠋ᠢᠭ ᠤᠨ ᠴᠢᠴᠢᠭᠦᠷ ᠪᠥᠮᠪᠦᠭᠡ ᠶᠢᠨ ᠤᠷᠤᠯᠳᠤᠭᠠᠨ ᠤ ᠳᠦᠷᠢᠮ︾ ᠢ ᠬᠡᠷᠡᠭᠯᠡᠪᠡ᠃ ᠤᠷᠤᠯᠳᠤᠭᠠᠨ ᠤ ᠶᠠᠪᠤᠴᠠ ᠳᠤ ᠲᠠᠮᠢᠷᠴᠢᠳ ︽ᠨᠥᠬᠦᠷᠯᠡᠯ ᠨᠢᠭᠡᠳᠦᠭᠡᠷ ᠂ ᠤᠷᠤᠯᠳᠤᠭᠠᠨ ᠬᠤᠶᠠᠳᠤᠭᠠᠷ ︾ ᠵᠠᠷᠴᠢᠮ ᠢ ᠪᠠᠷᠢᠮᠲᠠᠯᠠᠨ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠤᠷᠤᠯᠳᠤᠭᠠᠨ ᠳᠤ ᠣᠷᠣᠯᠴᠠᠪᠠ᠃
    ᠰᠡᠵᠢᠯᠡᠭᠦᠷ ᠤᠨ ᠤᠷᠤᠯᠳᠤᠭᠠᠨ ᠳᠤ᠂ ᠡᠯ᠎ᠡ ᠠᠩᠭᠢ ᠶᠢᠨ ᠬᠢᠨ ᠰᠡᠳᠬᠢᠯ ᠰᠠᠨᠠᠭ᠎ᠠ ᠪᠠᠨ ᠨᠢᠭᠡᠳᠬᠡᠨ ᠬᠠᠮᠵᠢᠯᠴᠠᠵᠤ᠂ ᠬᠤᠪᠢ ᠬᠥᠮᠥᠨ ᠤ ᠮᠡᠷᠭᠡᠵᠢᠯ ᠪᠣᠯᠣᠨ ᠪᠠᠶᠢᠯᠳᠤᠬᠤ ᠠᠷᠭ᠎ᠠ ᠶᠢᠨ ᠲᠥᠯᠦᠪᠵᠢᠭᠦᠯᠭᠡ ᠶᠢ ᠪᠦᠷᠢᠨ ᠲᠡᠭᠦᠯᠳᠡᠷ ᠤᠶᠠᠯᠳᠤᠭᠤᠯᠵᠤ᠂ ︽ᠠᠵᠢᠯᠴᠢᠨ ᠠᠩᠭᠢ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ︾ ᠭᠦᠨ ᠵᠤᠵᠠᠭᠠᠨ ᠨᠥᠬᠦᠷᠯᠡᠯ ᠢ ᠲᠠᠶᠢᠯᠪᠤᠷᠢᠯᠠᠪᠠ᠃ ᠲᠤᠭᠳᠠᠬᠤ ᠰᠢᠶᠠᠨ ᠤ ᠱᠤᠸᠠᠩ ᠾᠧ ᠪᠠᠯᠭᠠᠰᠤᠨ ᠤ ᠺᠠᠩ ᠯᠧᠢ ᠬᠤᠪᠢ ᠬᠥᠮᠥᠨ ᠤ ᠤᠷᠤᠯᠳᠤᠭᠠᠨ ᠪᠠ ᠰᠡᠵᠢᠯᠡᠭᠦᠷ ᠤᠨ ᠤᠷᠤᠯᠳᠤᠭᠠᠨ ᠤ ᠬᠤᠣᠰ ᠮᠠᠩᠯᠠᠢ ᠳᠤ ᠰᠢᠯᠭᠠᠷᠠᠵᠠᠢ᠃ ᠲᠤᠭᠳᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠬᠤᠪᠢ ᠬᠥᠮᠥᠨ ᠤ ᠤᠷᠤᠯᠳᠤᠭᠠᠨ ᠪᠠ ᠰᠡᠵᠢᠯᠡᠭᠦᠷ ᠤᠨ ᠤᠷᠤᠯᠳᠤᠭᠠᠨ ᠤ ᠲᠦᠷᠦᠭᠦᠦ ᠵᠢᠷᠭᠤᠭᠠᠨ ᠣᠷᠣᠯᠴᠠᠭᠴᠢ ᠳᠤ ᠦᠨᠡᠮᠯᠡᠯ ᠪᠠ ᠱᠠᠩᠨᠠᠯ ᠣᠯᠭᠤᠵᠠᠢ᠃
     ᠲᠣᠰ ᠤᠳᠠᠭᠠᠨ ᠤ ᠤᠷᠤᠯᠳᠤᠭᠠᠨ ᠨᠢ ᠴᠢᠴᠢᠭᠦᠷ ᠪᠥᠮᠪᠦᠭᠡ ᠶᠢᠨ ᠤᠷ᠎ᠠ ᠮᠡᠷᠭᠡᠵᠢᠯ ᠤᠨ ᠵᠥᠪᠳᠡᠯᠴᠡᠭᠡ ᠪᠣᠯᠬᠤ ᠪᠠᠷ ᠪᠠᠷᠠᠬᠤ ᠦᠭᠡᠢ᠂ ᠪᠠᠰᠠ ᠴᠤ ᠠᠵᠢᠯᠲᠠᠨ ᠠᠵᠢᠯᠴᠢᠨ ᠤ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠬᠦ ᠦᠪᠡᠳᠡᠭᠰᠢ ᠴᠤᠭᠯᠠᠭᠠᠨ ᠪᠣᠯᠬᠤ ᠪᠥᠭᠡᠳ ᠨᠠᠩ ᠴᠤ ᠪᠥᠬᠦ ᠰᠢᠶᠠᠨ ᠤ ᠠᠵᠢᠯᠲᠠᠨ ᠠᠵᠢᠯᠴᠢᠨ ᠤ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠵᠠᠭᠤᠨ ᠵᠢᠯ ᠤᠨ ᠣᠶ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠷ ᠪᠡᠯᠡᠭ ᠬᠦᠷᠭᠡᠭᠰᠡᠨ ᠶᠠᠪᠤᠳᠠᠯ ᠪᠣᠯᠣᠨ᠎ᠠ᠃      ᠬᠤᠶᠢᠰᠢᠳᠠ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠦᠷᠭᠦᠯᠵᠢᠯᠡᠨ ᠠᠵᠢᠯᠲᠠᠨ ᠠᠵᠢᠯᠴᠢᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠨᠡᠩ ᠤᠯᠠᠨ ᠡᠰᠢᠴᠢᠯᠡᠭᠰᠡᠨ ᠰᠣᠶᠣᠯ ᠪᠡᠶ᠎ᠡ ᠶᠢᠨ ᠲᠠᠮᠢᠷ ᠤᠨ ᠲᠠᠪᠴᠠᠩ ᠢ ᠪᠠᠶᠢᠭᠤᠯᠵᠤ᠂ ᠡᠯᠪᠡᠭ ᠪᠠᠶᠠᠯᠢᠭ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ ᠠᠴᠢᠶᠠᠯᠠᠪᠤᠷᠢ ᠪᠣᠯᠭᠠᠵᠤ᠂ ᠰᠢᠨ᠎ᠡ ᠴᠠᠭ ᠦᠶ᠎ᠡ ᠶᠢᠨ ᠠᠵᠢᠯᠲᠠᠨ ᠠᠵᠢᠯᠴᠢᠨ ᠤ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠠᠵᠢᠯᠴᠢᠨ ᠳᠤ ᠦᠢᠯᠡᠴᠢᠯᠡᠬᠦ᠂ ᠬᠦᠴᠦᠨ ᠴᠢᠳᠠᠯ ᠢ ᠨᠢᠭᠲᠠᠷᠠᠭᠤᠯᠬᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠤᠯᠠᠮᠵᠢᠯᠠᠵᠤ᠂ ᠥᠷᠭᠡᠨ ᠤᠯᠠᠨ ᠠᠵᠢᠯᠲᠠᠨ ᠠᠵᠢᠯᠴᠢᠨ ᠢ ᠪᠦᠯᠬᠦᠮᠳᠡᠭᠦᠯᠦᠨ ᠳᠠᠭᠠᠭᠤᠯᠵᠤ ᠨᠡᠩ ᠡᠷᠡᠭᠦᠯ ᠴᠢᠭᠢᠷᠠᠭ ᠪᠡᠶ᠎ᠡ ᠮᠠᠬᠠᠪᠤᠳ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠭᠤᠯᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠰᠤᠭᠠᠢ︕ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1